| | ᠠᠵᠢᠯ ᠤᠨ ᠬᠤᠪᠢᠶᠠᠷᠢᠯᠠᠯ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠲᠠ ᠶᠢᠨ ᠳᠠᠷᠤᠭ᠎ᠠ ᠶᠢ ᠬᠠᠪᠰᠤᠷᠤᠨ ᠶᠡᠷᠦᠩᠬᠡᠶᠢᠯᠡᠭᠰᠡᠨ | ᠠᠵᠤ ᠠᠬᠤᠢ᠂ ᠶᠡᠷᠦᠩᠬᠡᠢ ᠬᠡᠯᠲᠡᠰ ᠤᠨ ᠠᠵᠤ ᠠᠬᠤᠢ᠂ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ᠂ ᠠᠮᠤ ᠪᠤᠳᠠᠭ᠎ᠠ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ᠂ ᠬᠤᠳᠠᠯᠳᠤᠭᠠᠨ ᠤ | ᠶᠠᠪᠤᠳᠠᠯ᠂ ᠦᠢᠯᠡᠴᠢᠯᠡᠭᠡᠨ ᠤ ᠦᠢᠯᠡᠰ᠂ ᠲᠤᠭ᠎ᠠ ᠪᠦᠷᠢᠳᠬᠡᠯ᠂ ᠪᠠᠶᠢᠭᠠᠯᠢ ᠶᠢᠨ ᠡᠬᠢ ᠪᠠᠶᠠᠯᠢᠭ᠂ ᠭᠠᠵᠠᠷ ᠰᠢᠷᠣᠢ ᠨᠥᠭᠡᠴᠡᠯᠡᠬᠦ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠪᠠᠶᠢᠭᠤᠯᠭ᠎ᠠ ᠶᠢᠨ ᠶᠠᠪᠤᠳᠠᠯ ᠵᠡᠷᠭᠡ ᠲᠠᠯ᠎ᠠ ᠶᠢᠨ ᠠᠵᠢᠯ ᠢ | ᠬᠠᠷᠢᠭᠤᠴᠠᠵᠤ᠂ ᠬᠤᠲᠠ ᠶᠢᠨ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠲᠠᠯ᠎ᠠ ᠶᠢᠨ ᠠᠵᠢᠯ ᠢ ᠬᠤᠪᠢᠳᠠᠨ ᠬᠠᠮᠢᠶᠠᠷᠴᠤ᠂ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠠᠯᠪᠠᠨ | ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ | | | ᠬᠤᠪᠢᠳᠠᠨ ᠬᠠᠮᠢᠶᠠᠷᠬᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ | ᠲᠣᠪᠴᠢᠶ᠎ᠠ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠡᠳ᠋ ᠤᠨ | ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠡᠪᠤᠳᠠᠯ ᠤᠨ ᠲᠤᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ | ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠠᠷᠠᠯᠵᠢᠶᠠᠨ ᠤ ᠲᠥᠪ᠂ | ᠬᠥᠬᠡᠬᠤᠲᠠ ᠶᠢᠨ ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ ᠥᠪᠥᠷ ᠮᠣᠩᠭᠤᠯ ᠤᠨ ᠴᠢᠩ ᠴᠧᠩ ᠤᠯᠤᠰ ᠤᠨ | ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠃ | | | ᠬᠠᠷᠢᠯᠴᠠᠬᠤ᠄ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ | ᠬᠤᠷᠢᠶ᠎ᠠ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ | ᠤᠯᠤᠰ ᠤᠨ ᠭᠠᠶᠢᠯᠢ ᠶᠢᠨ ᠶᠡᠪᠤᠳᠠᠯ ᠤᠨ ᠶᠡᠷᠦᠩᠬᠡᠢ ᠲᠤᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶ᠎ᠠ ᠶᠢᠨ ᠬᠥᠬᠡᠬᠤᠲᠠ ᠶᠢᠨ ᠪᠠᠶᠢᠴᠠᠭᠠᠬᠤ ᠠᠩᠭᠢ᠂ ᠰᠠᠶᠢᠬᠠᠨ ᠪᠤᠭᠤᠮᠲᠠ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ | ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠬᠥᠬᠡᠬᠤᠲᠠ ᠶᠢᠨ ᠵᠥᠪᠯᠡᠯ᠂ ᠬᠥᠬᠡᠬᠤᠲᠠ ᠶᠢᠨ ᠭᠠᠯ ᠤᠨᠲᠠᠷᠠᠭᠠᠵᠤ | ᠠᠪᠤᠷᠠᠨ ᠲᠤᠰᠠᠯᠠᠬᠤ ᠰᠠᠯᠪᠤᠷᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠤᠨᠲᠠᠷᠠᠭᠠᠬᠤ ᠶᠡᠷᠦᠩᠬᠡᠢ ᠠᠩᠭᠢ ᠶᠢᠨ ᠬᠥᠬᠡᠬᠤᠲᠠ ᠶᠢᠨ ᠶᠡᠭᠡ ᠠᠩᠭᠢ | ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠦᠪᠦᠷ ᠮᠤᠩᠭᠤᠯ ᠤᠨ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠤᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠦᠨᠡᠲᠦ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠳᠤ ᠰᠠᠭᠤᠭ᠎ᠠ | ᠪᠤᠰᠤᠳ ᠡᠯ᠎ᠡ ᠪᠠᠩᠬᠢ᠂ ᠳᠠᠭᠠᠳᠬᠠᠯ᠂ ᠦᠨᠡᠲᠦ ᠲᠡᠮᠳᠡᠭᠲᠦ ᠶᠢᠨ ᠪᠠᠶᠢᠭᠤᠯᠤᠮᠵᠢ᠃ | ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | | ᠲᠣᠪᠴᠢ ᠨᠠᠮᠳᠠᠷ᠄ | ᠯᠢᠦ ᠵᠢᠢ ᠶᠢᠩ᠂ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 5 ᠳ᠋ᠤᠭᠠᠷ ᠰᠠᠷ᠎ᠠ ᠳᠤ ᠲᠦᠷᠦᠵᠠᠢ᠂ ᠦᠢᠯᠡᠳᠪᠦᠷᠢ ᠬᠤᠳᠠᠯᠳᠤᠭᠠᠨ ᠤ | ᠬᠠᠮᠢᠶᠠᠷᠤᠯᠲᠠ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠤᠳᠠ ᠶᠢᠨ ᠳᠡᠳ᠋ ᠳᠠᠷᠤᠭ᠎ᠠ ᠶᠢᠨ | ᠲᠤᠰᠢᠶᠠᠯ ᠢ ᠬᠠᠷᠢᠭᠤᠴᠠᠵᠤ ᠪᠠᠶᠢᠨ᠎ᠠ᠃ | |