ᠨᠡᠶᠢᠲᠡ ᠶᠢᠨ ᠮᠠᠰᠢᠨ ᠤ ᠲᠡᠷᠭᠡᠨ ᠳᠤ ᠰᠠᠭᠤᠬᠤ ᠮᠡᠷᠭᠡᠨ ᠴᠣᠬᠤᠷ ᠢ ︽ᠬᠥᠬᠡᠬᠤᠲᠠ ᠶᠢᠨ ᠨᠡᠶᠢᠲᠡ ᠶᠢᠨ ᠮᠠᠰᠢᠨ ᠲᠡᠷᠭᠡ︾ ᠸᠢᠴᠠᠲ ᠤᠨ ᠵᠢᠵᠢᠭ ᠫᠷᠤᠭ᠍ᠷᠠᠮ ᠢᠶᠠᠷ ᠰᠤᠯᠢᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/9/18
     ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠬᠥᠬᠡᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠣᠶᠤᠨᠴᠢ ᠨᠡᠶᠢᠲᠡ ᠶᠢᠨ ᠵᠠᠮ ᠬᠠᠷᠢᠯᠴᠠᠭᠠᠨ ᠤ ᠪᠦᠲᠦᠭᠡᠨ ᠪᠠᠢᠭᠤᠯᠤᠯᠲᠠ ᠪᠠᠷ ᠭᠤᠣᠯ ᠠᠷᠭ᠎ᠠ ᠵᠠᠮ ᠪᠣᠯᠭᠠᠵᠤ᠂ ᠳᠥᠭᠦᠮ ᠲᠦᠳᠡ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠰᠢᠰᠲ᠋ᠧᠮᠵᠢ ᠶᠢ ᠴᠣᠭᠴᠠᠯᠠᠬᠤ ᠪᠠᠷ ᠬᠠᠷᠠᠯᠲᠠ ᠪᠣᠯᠭᠠᠵᠤ᠂ ︽ᠬᠥᠬᠡᠬᠤᠲᠠ ᠶᠢᠨ ᠨᠡᠶᠢᠲᠡ ᠶᠢᠨ ᠮᠠᠰᠢᠨ ᠲᠡᠷᠭᠡ︾ ᠶᠢᠨ ᠠᠯᠪᠠᠨ ᠤ ᠲᠠᠯ᠎ᠠ ᠶᠢᠨ ᠸᠢᠴᠠᠲ ᠤᠨ ᠵᠢᠵᠢᠭ ᠫᠷᠤᠭ᠍ᠷᠠᠮ ᠤᠨ ᠲᠠᠪᠴᠠᠩ ᠢ ᠪᠠᠶᠢᠭᠤᠯᠤᠨ ᠨᠡᠭᠡᠭᠡᠵᠦ ᠂ ᠰᠦᠯᠵᠢᠶᠡᠨ ᠳᠡᠭᠡᠷ᠎ᠡ ᠨᠡᠶᠢᠲᠠ ᠶᠢᠨ ᠮᠠᠰᠢᠨ ᠪᠣᠯᠵᠤᠬᠤ᠂ ᠲᠡᠷᠭᠡ ᠪᠣᠯᠵᠣᠬᠤ ᠂ ᠨᠡᠶᠢᠲᠡ ᠶᠢᠨ ᠮᠠᠰᠢᠨ ᠤ ᠪᠠᠶᠢᠷᠢ ᠶᠢ ᠴᠠᠭ ᠲᠤᠬᠠᠢ ᠳᠤ ᠨᠢ ᠪᠠᠶᠢᠴᠠᠭᠠᠨ ᠯᠠᠪᠯᠠᠬᠤ ᠂ ᠶᠠᠪᠤᠵᠤ ᠰᠠᠭᠤᠬᠤ ᠬᠦᠰᠡᠯ ᠱᠠᠭᠠᠷᠳᠠᠯᠭ᠎ᠠ ᠶᠢ ᠴᠤᠭᠯᠠᠭᠤᠯᠬᠤ᠂ ᠭᠡᠭᠡᠭᠰᠡᠨ ᠵᠦᠢᠯ ᠢᠶᠠᠨ ᠪᠤᠴᠠᠭᠠᠨ ᠡᠷᠢᠬᠦ ᠵᠡᠷᠭᠡ ᠴᠢᠳᠠᠮᠵᠢ ᠶᠢ ᠪᠠᠭᠲᠠᠭᠠᠨ᠎ᠠ᠃     ᠠᠶᠠᠨᠴᠢᠳ ᠤᠨ ᠶᠠᠪᠤᠵᠤ ᠰᠠᠭᠤᠬᠤ ᠳᠤ ᠨᠡᠩ ᠳᠥᠭᠦᠮ ᠦᠢᠯᠡᠴᠢᠯᠡᠭᠡ ᠦᠵᠡᠭᠦᠯᠬᠦ ᠶᠢᠨ ᠲᠤᠰᠠᠳᠠ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ 10 ᠳ᠋ᠤᠭᠠᠷ ᠰᠠᠷ᠎ᠠ ᠶᠢᠨ 31 ᠤ ᠡᠳᠦᠷ ᠤᠤᠯ ᠤᠨ ᠸᠢᠴᠠᠲ ᠤᠨ ᠲᠡᠷᠭᠡᠨ ᠳᠤ ᠰᠠᠭᠤᠬᠤ ᠮᠡᠷᠭᠡᠨ ᠴᠣᠬᠤᠷ ᠢ ︽ᠬᠥᠬᠡᠬᠤᠲᠠ ᠶᠢᠨ ᠨᠡᠶᠢᠲᠡ ᠶᠢᠨ ᠮᠠᠰᠢᠨ ᠲᠡᠷᠭᠡ︾ ᠸᠢᠴᠠᠲ ᠤᠨ ᠵᠢᠵᠢᠭ ᠫᠷᠤᠭ᠍ᠷᠠᠮ ᠤᠨ ᠲᠠᠪᠴᠠᠩ ᠪᠣᠯᠭᠠᠨ ᠰᠣᠯᠢᠵᠤ᠂ ᠠᠶᠠᠨᠴᠢᠳ ᠸᠢᠴᠠᠲ ᠤᠨ ᠵᠢᠵᠢᠭ ᠫᠷᠤᠭ᠍ᠷᠠᠮ ᠠᠴᠠ ︽ᠬᠥᠬᠡᠬᠤᠲᠠ ᠶᠢᠨ ᠨᠡᠶᠢᠲᠡ ᠶᠢᠨ ᠮᠠᠰᠢᠨ ᠲᠡᠷᠭᠡ︾ ᠢ ᠰᠢᠭᠦᠵᠦ᠂ ᠲᠡᠷᠭᠡᠨ ᠳᠤ ᠰᠠᠭᠤᠬᠤ ᠮᠡᠷᠭᠡᠨ ᠴᠣᠬᠤᠷ ᠢ ᠨᠡᠭᠡᠭᠡᠵᠦ ᠬᠡᠷᠡᠭᠯᠡᠵᠦ ᠪᠣᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ