︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠸᠠᠩ ᠢᠤᠢ ᠹᠧᠩ︶ ᠰᠠᠢᠬᠠᠨ ᠪᠣᠭᠤᠮᠲᠠ ᠶᠢᠨ ᠪᠦᠷᠢᠳᠭᠡᠯ ᠢ ᠦᠨᠳᠦᠰᠦᠯᠡᠪᠡᠯ᠂ ᠡᠨᠡ ᠵᠢᠯ ᠤᠨ | ᠲᠦᠷᠦᠭᠦᠦ 8 ᠰᠠᠷ᠎ᠠ ᠳᠤ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ ᠨᠢ 150.5 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 31% ᠨᠡᠮᠡᠭᠳᠡᠵᠦ᠂ ᠪᠦᠬᠦ ᠣᠷᠣᠨ ᠤ 11.2% ᠢ ᠡᠵᠡᠯᠡᠵᠦ᠂ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠴᠡᠢ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ ᠥᠷᠲᠡᠭ 71.4 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠠᠴᠠ 35.3% ᠪᠠᠷ ᠨᠡᠮᠡᠭᠳᠡᠪᠡ ᠂ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 79.1 ᠳ᠋ᠦᠩᠰᠢᠭᠤᠷ ᠲᠥᠭᠦᠷᠢᠭ ᠬᠦᠷᠴᠦ᠂ | ᠠᠳᠠᠯᠢ ᠬᠤᠭᠤᠴᠠᠭᠠᠨ ᠠᠴᠠ 27.3% ᠪᠠᠷ ᠨᠡᠮᠡᠭᠳᠡᠪᠡ᠃ | ᠪᠣᠳᠠᠲᠠᠶ ᠪᠠᠷ ᠦᠵᠡᠪᠡᠯ᠂ ᠬᠥᠬᠡᠬᠤᠲᠠ ᠶᠢᠨ ᠭᠤᠤᠯ ᠪᠣᠯᠬᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠲᠤ ᠪᠣᠯᠪᠠᠰᠤᠷᠠᠭᠤᠯᠤᠭᠰᠠᠨ ᠲᠣᠰᠣ᠂ | ᠲᠠᠷᠢᠶᠠᠯᠠᠩ ᠤᠨ ᠪᠦᠲᠦᠭᠡᠭᠳᠡᠬᠦᠨ ᠵᠡᠷᠭᠡ ᠪᠠᠶᠢᠵᠤ᠂ ᠭᠠᠳᠠᠭᠠᠳᠤ ᠠᠴᠠ ᠣᠷᠣᠭᠤᠯᠤᠭᠰᠠᠨ ᠥᠷᠲᠡᠭ ᠨᠢ ᠲᠣᠰ ᠲᠣᠰ 28.7 ᠳ᠋ᠦᠩᠰᠢᠭᠤᠷ ᠲᠥᠭᠦᠷᠢᠭ᠂ | 17.3 ᠳ᠋ᠦᠩᠰᠢᠭᠤᠷ ᠲᠥᠭᠦᠷᠢᠭ ᠪᠣᠯᠤᠨ᠎ᠠ᠃ ᠭᠠᠳᠠᠭᠠᠳᠤ ᠳᠤ ᠭᠠᠷᠭᠠᠭᠰᠠᠨ ᠭᠤᠣᠯᠳᠠᠭᠤ ᠲᠠᠸᠠᠷ ᠲᠤ ᠮᠠᠰᠢᠨ ᠴᠠᠬᠢᠯᠭᠠᠨ ᠤ ᠦᠢᠯᠡᠳᠬᠦᠨ᠂ ᠳᠡᠭᠡᠳᠦ ᠰᠢᠨ᠎ᠡ | ᠮᠡᠷᠭᠡᠵᠢᠯ ᠤᠨ ᠦᠢᠯᠡᠳᠬᠦᠨ ᠵᠡᠷᠭᠡ ᠪᠠᠶᠢᠵᠤ᠂ ᠭᠠᠳᠠᠭᠠᠳᠤ ᠳᠤ ᠭᠠᠷᠭᠠᠭᠰᠠᠨ ᠥᠷᠲᠡᠭ ᠨᠢ ᠲᠣᠰ ᠲᠣᠰ 18.9 ᠳ᠋ᠦᠩᠰᠢᠭᠤᠷ ᠲᠥᠭᠦᠷᠢᠭ᠂ 11.9 | ᠳ᠋ᠦᠩᠰᠢᠭᠤᠷ ᠲᠥᠭᠦᠷᠢᠭ ᠬᠦᠷᠴᠡᠢ᠃ ᠭᠤᠣᠯ ᠪᠣᠯᠬᠤ ᠠᠷᠠᠯᠵᠢᠶᠠᠨ ᠤ ᠵᠠᠬ᠎ᠠ ᠳᠡᠯᠭᠡᠭᠦᠷ ᠲᠤ ︽ᠨᠢᠭᠡ ᠪᠦᠰᠡ ᠨᠢᠭᠡ ᠵᠠᠮ ᠢ ᠬᠠᠮᠲᠤ ᠪᠠᠷ ᠴᠣᠭᠴᠠᠯᠠᠬᠤ ᠤᠯᠤᠰ︾ | ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠦᠷᠲᠡᠭ ᠬᠠᠮᠤᠭ ᠤᠨ ᠥᠨᠳᠥᠷ ᠪᠠᠶᠢᠵᠤ᠂ 96.9 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠠᠴᠠ 72.9% ᠪᠠᠷ ᠨᠡᠮᠡᠭᠳᠡᠨ᠂ ᠪᠥᠬᠦ ᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠠᠷᠠᠯᠵᠢᠶᠠᠨ ᠤ ᠥᠷᠲᠡᠭ ᠤᠨ 64.4% ᠶᠢ ᠡᠵᠡᠯᠡᠪᠡ᠃ ᠮᠠᠯᠠᠶᠢᠰᠢᠶ᠎ᠠ᠂ ᠠᠮᠧᠷᠢᠺᠠ᠂ ᠮᠣᠩᠭᠤᠯ ᠤᠯᠤᠰ᠂ ᠣᠷᠣᠰ ᠵᠡᠷᠭᠡ ᠤᠯᠤᠰ ᠨᠢ ᠭᠤᠣᠯ | ᠠᠷᠠᠯᠵᠢᠶᠠᠨ ᠤ ᠤᠯᠤᠰ ᠪᠠᠶᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ ᠨᠢ ᠲᠣᠰ ᠲᠣᠰ 29.3 | ᠳ᠋ᠦᠩᠰᠢᠭᠤᠷ ᠲᠥᠭᠦᠷᠢᠭ᠂ 20.5 ᠳ᠋ᠦᠩᠰᠢᠭᠤᠷ ᠲᠥᠭᠦᠷᠢᠭ᠂ 17.0 ᠳ᠋ᠦᠩᠰᠢᠭᠤᠷ ᠲᠥᠭᠦᠷᠢᠭ᠂ 13.5 ᠳ᠋ᠦᠩᠰᠢᠭᠤᠷ ᠲᠥᠭᠦᠷᠢᠭ ᠬᠦᠷᠪᠡ᠃ | ᠡᠭᠦᠨ ᠠᠴᠠ ᠭᠠᠳᠠᠨ᠎ᠠ᠂ ᠲᠦᠷᠦᠭᠦᠤ 8 ᠰᠠᠷ᠎ᠠ ᠳᠤ ᠬᠥᠬᠡᠬᠤᠲᠠ ᠬᠢᠭᠡᠳ ᠠᠹᠷᠢᠺᠠ ᠲᠢᠪ ᠤᠨ ᠭᠠᠵᠠᠷ ᠣᠷᠣᠨ ᠤ ᠤᠯᠤᠰ ᠤᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠦᠷᠲᠡᠭ 8.3 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 65.1% ᠪᠠᠷ | ᠨᠡᠮᠡᠭᠳᠡᠨ᠂ ᠶᠡᠷᠦᠩᠬᠡᠢ ᠨᠡᠮᠡᠭᠳᠡᠯ ᠤᠨ ᠬᠡᠮᠵᠢᠶ᠎ᠡ ᠠᠴᠠ 34 ᠴᠡᠭ ᠥᠨᠳᠥᠷ ᠪᠣᠯᠵᠠᠶ᠃ | ᠰᠠᠶᠢᠬᠠᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠳᠠᠷᠤᠭ᠎ᠠ ᠯᠢ ᠪᠢᠨ ᠤ ᠲᠠᠨᠢᠯᠴᠠᠭᠤᠯᠤᠭᠰᠠᠨ ᠢᠶᠠᠷ᠂ ᠬᠥᠬᠡᠬᠤᠲᠠ ᠨᠢ | ᠣᠷᠣᠨ ᠤ ᠲᠥᠪ ᠬᠤᠲᠠ ᠪᠤᠯᠤᠭᠰᠠᠨ ᠤ ᠬᠤᠪᠢ ᠳᠤ ᠣᠷᠣᠨ ᠪᠦᠰᠡ ᠣᠷᠣᠨ ᠪᠠᠶᠢᠷᠢ᠂ ᠰᠠᠭᠤᠷᠢ ᠲᠥᠬᠦᠭᠡᠷᠦᠮᠵᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ | ᠵᠡᠷᠭᠡ ᠲᠠᠯ᠎ᠠ ᠪᠠᠷ ᠣᠷᠣᠯᠠᠭᠤᠯᠵᠤ ᠪᠣᠯᠤᠰᠢ ᠥᠬᠡᠶ ᠳᠠᠪᠠᠭᠤᠯᠢᠭ ᠲᠠᠢ ᠶᠤᠮ᠃ ᠡᠨᠡ ᠵᠢᠯ ᠠᠴᠠ ᠨᠠᠰᠢ᠂ ᠡᠯᠡᠰᠦᠨ ᠳᠠᠪᠠᠭ᠎ᠠ ᠪᠠᠷᠠᠭᠠᠨ ᠭᠦᠢᠯᠭᠡᠭᠡᠨ ᠤ | ᠬᠦᠷᠢᠶᠡᠯᠡᠩ᠂ ᠲᠢᠶᠧ ᠲᠦᠩ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠵᠠᠯᠭᠠᠭ᠎ᠠ ᠪᠠᠷ | ᠬᠡᠷᠡᠭᠯᠡᠯᠲᠡ ᠳᠤ ᠣᠷᠣᠵᠤ᠂ ᠵᠢᠱᠢᠶᠡᠨ ᠤ ᠭᠠᠯᠲᠤ ᠲᠡᠷᠭᠡᠨ ᠲᠡᠭᠡᠭᠡᠪᠦᠷᠢᠯᠡᠯᠲᠡ ᠶᠢᠨ ᠲᠤᠭ᠎ᠠ ᠲᠣᠭᠲᠠᠭᠤᠨ ᠢᠶᠠᠷ ᠨᠡᠮᠡᠭᠳᠡᠵᠦ᠂ ᠳᠤᠮᠳᠠᠳᠤ ᠧᠦ᠋ᠷᠣᠫᠠ ᠶᠢᠨ | ᠵᠢᠱᠢᠶᠡᠨ ᠤ ᠭᠠᠯᠲᠤ ᠲᠡᠷᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠳᠤ ᠴᠢᠬᠤᠯᠠ ᠨᠥᠬᠦᠴᠡᠯ ᠬᠠᠩᠭᠠᠵᠤ᠂ ︽ᠨᠢᠭᠡ ᠪᠦᠰᠡ ᠨᠢᠭᠡ | ᠵᠠᠮ ᠢ ᠬᠠᠮᠲᠤ ᠪᠠᠷ ᠴᠣᠭᠴᠠᠯᠠᠬᠤ ᠤᠯᠤᠰ ︾ ᠯᠤᠭ᠎ᠠ ᠠᠷᠠᠯᠵᠢᠶᠠᠨ ᠤ ᠬᠡᠪᠴᠢᠶ᠎ᠡ ᠶᠢ ᠥᠷᠭᠡᠳᠬᠡᠭᠰᠡᠨ ᠨᠢ ᠨᠢᠭᠡᠨᠲᠡ ᠬᠥᠬᠡᠬᠤᠲᠠ ᠶᠢᠨ ᠭᠠᠳᠠᠭᠠᠳᠤ | ᠠᠷᠠᠯᠵᠢᠶᠠᠨ ᠤ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠵᠦᠢᠯ ᠪᠣᠯᠤᠭᠰᠠᠨ ᠪᠠᠶᠢᠨ᠎ᠠ᠃ |