︵ᠰᠤᠷᠪᠤᠯᠵᠢᠯᠠᠭᠴᠢ ᠶᠦᠨ ᠶᠠᠨ ᠹᠠᠩ︶ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠡᠨᠡ ᠵᠢᠯ ᠤᠨ | 8 ᠳ᠋ᠤᠭᠠᠷ ᠰᠠᠷ᠎ᠠ ᠶᠢᠨ ᠠᠶᠠᠨᠴᠢᠳ ᠤᠨ ᠬᠡᠮᠵᠢᠶ᠎ᠡ ᠨᠡᠶᠢᠲᠡ 158.4 ᠲᠦᠮᠡᠨ ᠬᠥᠮᠦᠨ ᠤᠳᠠᠭ᠎ᠠ ᠳᠤ ᠬᠦᠷᠴᠦ᠂ 1.3 ᠲᠦᠮᠡᠨ ᠨᠢᠰᠭᠡᠯ ᠤᠳᠠᠭ᠎ᠠ ᠨᠢᠰᠴᠦ | ᠪᠠᠭᠤᠨ᠂ ᠪᠠᠷᠠᠭ᠎ᠠ ᠰᠢᠥᠳᠡᠨ ᠤ ᠣᠷᠣᠭᠤᠯᠵᠤ ᠭᠠᠷᠭᠠᠭᠰᠠᠨ ᠬᠡᠮᠵᠢᠶ᠎ᠡ 0.53 ᠲᠦᠮᠡᠨ ᠲᠤᠨ ᠬᠦᠷᠴᠦ᠂ 2023 ᠣᠨ ᠤ ᠠᠳᠠᠯᠢ | ᠬᠤᠭᠤᠴᠠᠭᠠᠨ ᠤ ᠬᠢ ᠠᠴᠠ ᠲᠤᠰ ᠲᠤᠰ 7.8%᠂ 5.2%᠂ 42.7% ᠪᠠᠷ ᠨᠡᠮᠡᠭᠳᠡᠵᠡᠢ᠃ ᠭᠠᠭᠴᠠ ᠰᠠᠷ᠎ᠠ ᠶᠢᠨ ᠠᠶᠠᠨᠴᠢᠳ ᠤᠨ ᠣᠷᠣᠭᠤᠯᠵᠤ | ᠭᠠᠷᠭᠠᠬᠤ ᠬᠡᠮᠵᠢᠶ᠎ᠡ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠲᠡᠦᠬᠡ ᠶᠢᠨ ᠰᠢᠨ᠎ᠡ ᠲᠡᠮᠳᠡᠭᠯᠡᠯ ᠢ ᠳᠠᠬᠢᠨᠲᠠ | ᠡᠭᠦᠳᠪᠡ᠃ | 8 ᠳ᠋ᠤᠭᠠᠷ ᠰᠠᠷ᠎ᠠ ᠠᠴᠠ ᠨᠠᠭᠠᠰᠢ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠭᠠᠭᠴᠠ ᠡᠳᠦᠷ ᠤᠨ | ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠦᠷᠭᠦᠯᠵᠢᠯᠡᠨ ᠥᠨᠳᠥᠷ ᠪᠠᠢᠷᠢᠨ ᠳᠤ ᠪᠠᠶᠢᠵᠤ᠂ ᠨᠡᠶᠢᠲᠡ 24 ᠡᠳᠦᠷ ᠤᠨ ᠭᠠᠭᠴᠠ ᠡᠳᠦᠷ ᠤᠨ | ᠠᠶᠠᠨᠴᠢᠳ ᠤᠨ ᠬᠡᠮᠵᠢᠶ᠎ᠡ 5 ᠲᠦᠮᠡᠨ ᠬᠥᠮᠦᠨ ᠤᠳᠠᠭ᠎ᠠ ᠶᠢ ᠳᠠᠪᠠᠵᠤ᠂ ᠡᠳᠦᠷ ᠪᠦᠷᠢ ᠳᠤᠮᠳᠠᠴᠢ ᠪᠠᠷ 5.1 ᠲᠦᠮᠡᠨ ᠬᠥᠮᠦᠨ ᠤᠳᠠᠭ᠎ᠠ ᠳᠤ ᠬᠦᠷᠴᠦ᠂ | ᠳᠤᠮᠳᠠᠴᠢ ᠰᠠᠭᠤᠳᠠᠯ ᠤᠨ ᠨᠣᠷᠮ᠎ᠠ 87.9% ᠳᠤ ᠬᠦᠷᠴᠦ᠂ ᠳᠠᠬᠢᠨᠲᠠ ᠭᠠᠭᠴᠠ ᠰᠠᠷ᠎ᠠ ᠶᠢᠨ ᠠᠶᠠᠨᠴᠢᠳ ᠤᠨ ᠬᠡᠮᠵᠢᠶ᠎ᠡ ᠶᠢᠨ ᠲᠡᠦᠬᠡᠨ ᠰᠢᠨ᠎ᠡ ᠲᠡᠮᠳᠡᠭᠯᠡᠯ ᠢ | ᠡᠭᠦᠳᠪᠡ᠃ 1—8 ᠳ᠋ᠤᠭᠠᠷ ᠰᠠᠷ᠎ᠠ ᠳᠤ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠠᠶᠠᠨᠴᠢᠳ ᠤᠨ ᠬᠡᠮᠵᠢᠶ᠎ᠡ | ᠨᠡᠶᠢᠲᠡ 911.2 ᠲᠦᠮᠡᠨ ᠬᠥᠮᠦᠨ ᠤᠳᠠᠭ᠎ᠠ ᠬᠦᠷᠴᠦ᠂ 8 ᠲᠦᠮᠡᠨ ᠲᠦᠮᠡᠨ ᠨᠢᠰᠭᠡᠯ ᠤᠳᠠᠭ᠎ᠠ ᠨᠢᠰᠴᠦ ᠪᠠᠭᠤᠨ᠂ ᠪᠠᠷᠠᠭ᠎ᠠ ᠰᠢᠤᠳᠠᠨ ᠤ ᠣᠷᠣᠭᠤᠯᠵᠤ | ᠭᠠᠷᠭᠠᠬᠤ ᠬᠡᠮᠵᠢᠶ᠎ᠡ 3.7 ᠲᠦᠮᠡᠨ ᠲᠣᠨ ᠬᠦᠷᠪᠡ᠃ |