2024 ᠣᠨ ᠤ 1 ᠠᠴᠠ 7 ᠳ᠋ᠤᠭᠠᠷ ᠰᠠᠷ᠎ᠠ ᠪᠣᠯᠲᠠᠯᠠᠬᠢ ᠬᠥᠬᠡᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/9/2
      ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠷᠠᠯᠵᠢᠶ᠎ᠠ ᠬᠤᠳᠠᠯᠳᠤᠭᠠᠨ ᠤ ᠬᠡᠷᠡᠭᠯᠡᠭᠡ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠠᠷ ᠤᠨ ᠡᠳᠦᠷ ᠤᠨ ᠬᠡᠷᠡᠭᠯᠡᠭᠡᠨ ᠤ ᠬᠥᠭᠵᠢᠶᠡᠨ ᠲᠠᠢ ᠤᠯᠠᠷᠢᠯ ᠢ ᠴᠢᠩᠭ᠎ᠠ ᠠᠮᠵᠢᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠵᠡᠷᠭᠡ ᠠᠷᠭ᠎ᠠ ᠬᠡᠮᠵᠢᠶ᠎ᠡ ᠶᠢ ᠨᠠᠷᠢᠨ ᠪᠣᠳᠠᠲᠠᠶᠢᠵᠢᠭᠤᠯᠵᠤ᠂ ᠬᠡᠷᠡᠭᠯᠡᠭᠡᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭᠯᠡᠭᠡᠨ ᠤ ᠬᠡᠷᠡᠭᠴᠡᠭᠡ ᠶᠢ ᠠᠯᠬᠤᠮ ᠠᠯᠬᠤᠮ ᠢᠶᠠᠷ ᠬᠥᠭᠵᠢᠭᠡᠵᠦ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠨᠡᠮᠡᠭᠳᠡᠯ ᠢ ᠪᠠᠲᠤᠯᠠᠪᠠ᠃ 1 - 7 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠬᠡᠮᠵᠢᠶ᠎ᠡ 651.0 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠨ᠂ ᠳᠡᠭᠡᠷ᠎ᠡ ᠰᠠᠷ᠎ᠠ ᠶᠢᠨ ᠬᠢ ᠠᠴᠠ 0.1 ᠵᠠᠭᠤᠨ ᠤ ᠬᠤᠪᠢ ᠳᠡᠭᠡᠭᠰᠢᠯᠡᠵᠦ᠂ ᠪᠥᠬᠦ ᠣᠷᠣᠨ ᠤ ᠬᠢ ᠠᠴᠠ 0.5 ᠵᠠᠭᠤᠨ ᠤ ᠬᠤᠪᠢ ᠥᠨᠳᠥᠷ ᠪᠣᠯᠪᠠ᠃      ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠭᠤᠣᠯ ᠣᠨᠴᠠᠯᠢᠭ      ᠨᠢᠭᠡ᠂ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠤᠨ ᠬᠤᠷᠳᠤᠴᠠ ᠨᠢ ᠲᠠᠸᠠᠷ ᠵᠢᠵᠢᠭᠯᠡᠨ ᠬᠤᠳᠠᠯᠳᠤᠬᠤ ᠠᠴᠠ ᠲᠦᠷᠭᠡᠨ ᠪᠠᠶᠢᠵᠤ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠨᠢ ᠬᠤᠲᠠ ᠪᠠᠯᠭᠠᠰᠤ ᠠᠴᠠ ᠲᠦᠷᠭᠡᠨ ᠪᠣᠯᠪᠠ᠃      ᠲᠠᠸᠠᠷ ᠤᠨ ᠬᠡᠯᠪᠡᠷᠢ ᠪᠠᠷ ᠨᠢ ᠬᠤᠪᠢᠶᠠᠪᠠᠯ᠂ 1 - 7 ᠳ᠋ᠤᠭᠠᠷ ᠰᠠᠷ᠎ᠠ ᠳᠤ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠢ 555.7 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠨᠡᠮᠡᠭᠳᠡᠪᠡ︔ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ 95.3 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠨ᠂ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ ᠨᠢ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠴᠠ 7.7 ᠵᠠᠭᠤᠨ ᠤ ᠨᠢᠭᠡᠴᠢ ᠲᠦᠷᠭᠡᠨ ᠪᠣᠯᠪᠠ᠃      ᠬᠤᠲᠠ ᠬᠥᠳᠡᠭᠡ ᠶᠢᠨ ᠵᠠᠬ᠎ᠠ ᠳᠡᠯᠭᠡᠭᠦᠷ ᠢᠶᠠᠷ ᠬᠤᠪᠢᠶᠠᠪᠠᠯ᠂ 1 - 7 ᠳ᠋ᠤᠭᠠᠷ ᠰᠠᠷ᠎ᠠ ᠳᠤ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 557.8 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 93.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠨ᠂ ᠬᠥᠳᠡᠭᠡ ᠲᠣᠰᠬᠤᠨ ᠨᠢ ᠬᠤᠲᠠ ᠪᠠᠯᠭᠠᠰᠤ ᠠᠴᠠ 0.7 ᠵᠠᠭᠤᠨ ᠤ ᠬᠤᠪᠢ ᠲᠦᠷᠭᠡᠨ ᠪᠣᠯᠪᠠ᠃      ᠬᠤᠶᠠᠷ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠬᠡᠷᠡᠭᠯᠡᠭᠡᠨ ᠤ ᠨᠡᠮᠡᠭᠳᠡᠯ ᠢᠯᠡᠷᠬᠡᠢ       1 - 7 ᠳ᠋ᠤᠭᠠᠷ ᠰᠠᠷ᠎ᠠ ᠳᠤ᠂ ᠢᠳᠡᠬᠦ ᠲᠥᠷᠥᠯ᠂ ᠬᠡᠷᠡᠭᠯᠡᠬᠦ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 26.4%᠂ 17.0% ᠨᠡᠮᠡᠭᠳᠡᠵᠦ᠂ ᠦᠨᠳᠦᠰᠦᠨ ᠠᠮᠢᠳᠤᠷᠠᠯ ᠤᠨ ᠲᠥᠷᠥᠯ ᠤᠨ ᠬᠡᠷᠡᠭᠯᠡᠭᠡᠨ ᠤ ᠨᠡᠮᠡᠭᠳᠡᠯ ᠤᠨ ᠪᠠᠶᠢᠳᠠᠯ ᠮᠠᠰᠢ ᠰᠠᠶᠢᠨ ᠪᠠᠶᠢᠨ᠎ᠠ᠃ ᠡᠭᠦᠨ ᠳᠤ᠂ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠤᠮᠳᠠᠭᠠᠨ ᠤ ᠵᠦᠢᠯ ᠪᠠ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 31.6%᠂ 36.9% ᠪᠠ 65.7% ᠨᠡᠮᠡᠭᠳᠡᠪᠡ᠃      ᠭᠤᠷᠪᠠ᠂ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠤᠨ ᠬᠤᠷᠳᠤᠴᠠ ᠢᠯᠡᠷᠬᠡᠢ      7 ᠳ᠋ᠤᠭᠠᠷ ᠰᠠᠷ᠎ᠠ ᠳᠤ᠂ ᠮᠠᠨ ᠤ ᠬᠤᠲᠠ ᠬᠤᠶᠠᠷ ᠤᠳᠠᠭ᠎ᠠ ᠶᠢᠨ ᠳᠠᠭᠤᠨ ᠤ ᠲᠣᠭᠯᠠᠯᠲᠠ ᠶᠢ ᠠᠮᠵᠢᠯᠲᠠ ᠲᠠᠢ ᠡᠷᠭᠢᠯᠡᠵᠦ᠂ ᠲᠣᠭᠯᠠᠯᠲᠠ ᠶᠢᠨ ᠬᠤᠭᠤᠴᠠᠭᠠᠨ ᠳᠤ ᠪᠠᠷᠠᠭ᠎ᠠ ᠬᠤᠳᠠᠯᠳᠤᠨ ᠠᠪᠬᠤ ᠬᠠᠷᠠᠭᠠᠯᠵᠠᠯ᠂ ᠵᠢᠭᠤᠯᠴᠢᠯᠠᠯ ᠤᠨ ᠵᠠᠮ ᠱᠤᠭᠤᠮ ᠢ ᠲᠠᠨᠢᠯᠴᠠᠭᠤᠯᠬᠤ᠂ ᠬᠥᠬᠡᠬᠤᠲᠠ ᠶᠢᠨ ᠠᠮᠲᠠᠲᠤ ᠢᠳᠡᠭᠡᠨ ᠤ ᠤᠬᠠᠭᠤᠯᠭ᠎ᠠ ᠵᠡᠷᠭᠡ ᠣᠯᠠᠨ ᠲᠠᠯ᠎ᠠ ᠠᠴᠠ ᠭᠠᠷᠳᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠨ᠂ ᠵᠢᠭᠤᠯᠴᠢᠯᠠᠭᠴᠢᠳ ᠤᠨ ᠬᠡᠷᠡᠭᠯᠡᠭᠡᠨ ᠤ ᠬᠦᠴᠦᠨ ᠢ ᠪᠥᠬᠦ ᠬᠦᠴᠦᠨ ᠢᠶᠠᠷ ᠢᠶᠠᠨ ᠪᠠᠳᠠᠷᠠᠭᠤᠯᠪᠠ᠃ ᠬᠤᠶᠠᠷ ᠤᠳᠠᠭᠠᠨ ᠤ ᠳᠠᠭᠤᠨ ᠤ ᠲᠣᠭᠯᠠᠯᠲᠠ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠡᠶᠢᠲᠡ 2.4 ᠳ᠋ᠦᠩᠰᠢᠭᠤᠷ ᠲᠥᠭᠦᠷᠢᠭ ᠬᠦᠷᠴᠦ᠂ ᠮᠠᠨ ᠤ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 0.4 ᠵᠠᠭᠤᠨ ᠤ ᠬᠤᠪᠢ ᠨᠡᠮᠡᠭᠳᠡᠪᠡ᠂ ᠡᠭᠦᠨ ᠳᠤ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ 1.6 ᠳ᠋ᠦᠩᠰᠢᠭᠤᠷ ᠲᠥᠭᠦᠷᠢᠭ᠂ ᠪᠠᠷᠠᠭ᠎ᠠ ᠬᠤᠳᠠᠯᠳᠤᠨ ᠠᠪᠤᠭᠰᠠᠨ ᠬᠡᠮᠵᠢᠶ᠎ᠡ 0.8 ᠳ᠋ᠦᠩᠰᠢᠭᠤᠷ ᠲᠥᠭᠦᠷᠢᠭ ᠬᠦᠷᠴᠡᠶ᠃ 1 - 7 ᠳ᠋ᠤᠭᠠᠷ ᠰᠠᠷ᠎ᠡ ᠪᠠᠷ᠂ ᠪᠦᠬᠦ ᠬᠤᠳᠠ ᠶᠢᠨ ᠢᠳᠡᠬᠡᠨ ᠤᠮᠳᠠᠭᠠᠨ ᠤ ᠠᠵᠤ ᠠᠬᠤᠶᠢᠯᠠᠯ ᠤᠨ ᠬᠤᠭᠤᠯᠠ ᠪᠤᠳᠠᠭᠠᠨ ᠤ ᠤᠷᠤᠯᠭ᠎ᠠ 95.3 ᠳ᠋ᠦᠩᠰᠢᠭᠤᠷ ᠳᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠵᠤ᠂ ᠳᠡᠬᠡᠷ᠎ᠡ ᠬᠠᠭᠠᠰ ᠵᠢᠯ ᠤᠨ ᠬᠢ ᠠᠴᠠ 0.5 ᠵᠠᠭᠤᠨ ᠤ ᠬᠤᠪᠢ ᠪᠠᠭᠤᠷᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ