ᠭᠦᠭᠡᠬᠤᠲᠠ ᠨᠡᠷ᠎ᠡ ᠨᠢᠳᠡᠷ ᠲᠡᠭᠡᠨ ᠨᠡᠶᠢᠴᠡᠭᠰᠡᠨ ᠮᠢᠩᠭᠠᠨ ᠴᠡᠴᠡᠷᠯᠢᠭ ᠲᠠᠢ ᠬᠤᠳᠠ ᠪᠣᠯᠪᠠ
ᠨᠡᠶᠢᠲᠡᠯᠡᠭᠰᠡᠨ ᠴᠠᠭ᠄
2024/9/20
      ᠬᠤᠳᠠ ᠶᠢᠨ ᠠᠷᠠᠳ ᠲᠤ ᠠᠮᠢ ᠠᠬᠤᠢ ᠶᠢᠨ ᠦᠷ᠎ᠡ ᠠᠰᠢᠭ ᠢ ᠡᠳ᠋ᠯᠡᠭᠦᠯᠵᠦ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ      ᠭᠦᠭᠡᠬᠤᠳᠠ ᠶᠢᠨ ᠰᠠᠶᠢᠬᠠᠨ ᠲᠣᠭᠤᠷᠢᠭ ᠤᠨ ᠴᠢᠩ ᠾᠧ ᠵᠠᠮ ᠤᠨ ᠬᠤᠶᠢᠲᠤ ᠬᠡᠰᠡᠭ ᠲᠤ ᠪᠠᠶᠢᠭ᠎ᠠ ᠶᠢᠨ ᠾᠧ ᠨᠡᠶᠢᠭᠡᠮ ᠲᠣᠭᠤᠷᠢᠭ ᠤᠨ ︽ᠬᠠᠷᠮᠠᠨ ᠴᠡᠴᠡᠷᠯᠢᠭ︾ ᠲᠤ ᠬᠦᠷᠬᠦ ᠳᠤ ᠰᠣᠯᠣᠩᠭᠠᠨ ᠥᠩᠭᠡ ᠲᠠᠢ ᠶᠠᠪᠠᠭᠠᠨ ᠵᠠᠮ᠂ ᠬᠥᠮᠥᠰ ᠤᠨ ᠠᠮᠠᠷᠠᠵᠤ ᠰᠠᠭᠤᠬᠤ ᠳᠤ ᠵᠣᠷᠢᠭᠤᠯᠤᠭᠰᠠᠨ ᠴᠣ ᠰᠢᠨ᠎ᠡ ᠰᠠᠨᠳᠠᠯᠢ᠂ ᠦᠵᠡᠮᠵᠢ ᠲᠡᠭᠦᠰ ᠴᠡᠴᠡᠷᠯᠢᠭ ᠤᠨ ᠥᠩᠭᠡ ᠦᠵᠡᠮᠵᠢ ᠵᠡᠷᠭᠡ ᠨᠢ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠰᠡᠯᠡᠭᠦᠴᠡᠨ ᠠᠯᠬᠤᠯᠠᠬᠤ ᠳᠤ ᠮᠠᠰᠢ ᠰᠠᠶᠢᠨ ᠣᠷᠴᠢᠨ ᠢ ᠪᠦᠷᠢᠯᠳᠦᠭᠦᠯᠵᠦ ᠥᠭᠪᠡ᠃ ︽ᠡᠨᠡ ᠴᠡᠴᠡᠷᠯᠢᠭ ᠪᠢᠳᠡᠨ ᠤ ᠰᠠᠭᠤᠭᠠᠯᠢ ᠲᠣᠭᠤᠷᠢᠭ ᠠᠴᠠ ᠣᠶᠢᠷᠠᠬᠠᠨ᠂ ᠬᠡᠳᠦᠨ ᠮᠢᠨᠦ᠋ᠲ ᠠᠯᠬᠤᠪᠠᠯ ᠬᠦᠷᠴᠢᠬᠡᠨ᠎ᠡ᠃ ᠨᠠᠢᠮᠠᠨ ᠨᠠᠰᠤᠲᠠᠢ ᠪᠠᠯᠴᠢᠷ ᠠᠴᠠ ᠨᠠᠶᠠᠨ ᠨᠠᠰᠤᠲᠠᠢ ᠪᠤᠭᠤᠷᠤᠯ ᠭᠦᠷᠲᠡᠯ᠎ᠡ ᠰᠤᠯᠠ ᠰᠡᠯᠡᠭᠦᠦ ᠴᠠᠭ ᠲᠠᠭᠠᠨ ᠪᠦᠷ ᠠᠳᠡ ᠢᠷᠡᠵᠤ ᠭᠦᠶᠦᠵᠦ ᠠᠯᠬᠤᠨ ᠪᠡᠶ᠎ᠡ ᠪᠣᠯᠪᠠᠰᠤᠷᠠᠵᠤ ᠪᠠᠶᠢᠨ᠎ᠠ︾ ᠭᠡᠵᠦ ᠬᠤᠸᠠ ᠶᠤᠸᠠᠨ ᠴᠦᠨ ᠰᠢᠶᠣᠣ ᠰᠠᠭᠤᠭᠠᠯᠢ ᠲᠣᠭᠤᠷᠢᠭ ᠤᠨ ᠠᠷᠢᠭᠤᠨ᠎ᠠ ᠪᠠᠶᠠᠷᠲᠠᠢ ᠬᠡᠯᠡᠨ᠎ᠡ᠃      ᠣᠶᠢᠷ᠎ᠠ ᠶᠢᠨ ᠵᠢᠯ ᠳᠤ ᠭᠦᠭᠡᠬᠤᠲᠠ ᠡᠯ᠎ᠡ ᠲᠦᠷᠦᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠤᠲᠠ ᠶᠢᠨ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠴᠢᠩᠭᠠᠳᠬᠠᠨ᠂ ᠰᠠᠭᠤᠭᠠᠯᠢ ᠠᠷᠠᠳ ᠤᠨ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠶᠡᠬᠡᠬᠡᠨ ᠨᠡᠮᠡᠭᠳᠡᠭᠦᠯᠪᠡ᠃ ᠤᠳᠤ ᠭᠦᠭᠡᠬᠤᠳᠠ ᠶᠡᠷᠦᠩᠬᠡᠶᠢᠯᠡᠭᠰᠡᠨ ᠴᠡᠴᠡᠷᠯᠢᠭ᠂ ᠨᠡᠶᠢᠭᠡᠮ ᠲᠣᠭᠤᠷᠢᠭ ᠤᠨ ᠴᠡᠴᠡᠷᠯᠢᠭ᠂ ︽ᠬᠠᠷᠮᠠᠨ ᠴᠡᠴᠡᠷᠯᠢᠭ︾ᠵᠡᠷᠭᠡ ᠡᠯ᠎ᠡ ᠲᠥᠷᠥᠯ ᠤᠨ ᠴᠡᠴᠡᠷᠯᠢᠭ ᠢ ᠨᠡᠶᠢᠳᠡ 1009 ᠪᠠᠶᠢᠭᠤᠯᠵᠤ᠂ ᠨᠡᠷ᠎ᠡ ᠨᠢᠳᠡᠷ ᠲᠡᠭᠡᠨ ᠨᠡᠶᠢᠴᠡᠭᠰᠡᠨ ᠮᠢᠩᠭᠠᠨ ᠴᠡᠴᠡᠷᠯᠢᠭ ᠲᠠᠢ ᠬᠤᠳᠠ ᠪᠣᠯᠵᠠᠢ᠃ ᠡᠭᠦᠨ ᠳᠤ ᠥᠨᠴᠥᠭ ᠪᠤᠯᠤᠩ ᠢ ᠠᠰᠢᠭᠯᠠᠨ ᠥᠭᠡᠷᠡᠴᠢᠯᠡᠵᠦ ᠪᠠᠶᠢᠭᠤᠯᠤᠭᠰᠠᠨ ︽ᠬᠠᠷᠮᠠᠨ ᠴᠡᠴᠡᠷᠯᠢᠭ︾ 684 ᠪᠠᠶᠢᠵᠤ᠂ ᠬᠤᠲᠠ ᠶᠢᠨ ᠠᠷᠠᠳ ᠴᠣᠩᠬᠤ ᠪᠠᠨ ᠨᠡᠭᠡᠭᠡᠪᠡᠯ ᠡᠪᠡᠰᠦ ᠮᠣᠳᠣ ᠶᠢ ᠣᠯᠵᠤ ᠬᠠᠷᠠᠨ ᠬᠡᠳᠦᠨ ᠮᠢᠨᠦ᠋ᠲ ᠠᠯᠬᠤᠪᠠᠯ ᠴᠡᠴᠡᠷᠯᠢᠭ ᠲᠤ ᠬᠦᠷᠴᠦ᠂ ᠠᠮᠢ ᠠᠬᠤᠢ ᠶᠢᠨ ᠦᠷ᠎ᠡ ᠠᠰᠢᠭ ᠢ ᠦᠨᠡᠨ ᠬᠦ ᠡᠳ᠋ᠯᠡᠵᠦ ᠪᠠᠶᠢᠨ᠎ᠠ᠃      ᠭᠦᠭᠡᠬᠤᠳᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠵᠢᠷᠤᠭ ᠲᠥᠯᠥᠪᠯᠡᠭᠡᠨ ᠤ ᠰᠠᠯᠠᠭ᠎ᠠ ᠶᠢᠨ ᠳᠠᠷᠤᠭ᠎ᠠ ᠪᠠᠭᠠᠲᠤᠷ ᠤᠨ ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠳᠤ ᠭᠤᠣᠯᠳᠠᠭᠤ ᠲᠣᠮᠣ ᠳᠤᠮᠳᠠ ᠭᠡᠯᠪᠡᠷᠢ ᠶᠢᠨ ᠴᠡᠴᠡᠷᠯᠢᠭ ᠪᠠᠶᠢᠭᠤᠯᠵᠤ᠂ ᠣᠯᠠᠨ ᠲᠦᠮᠡᠨ ᠤ ᠪᠠᠶᠢᠭᠠᠯᠢ ᠲᠠᠢ ᠣᠶᠢᠷᠠᠲᠤᠬᠤ ᠱᠠᠭᠠᠷᠳᠠᠯᠭ᠎ᠠ ᠶᠢ ᠬᠠᠩᠭᠠᠵᠤ ᠪᠠᠶᠢᠭᠰᠠᠨ ᠪᠤᠯᠪᠠᠴᠤ ᠰᠠᠭᠤᠭ᠎ᠠ ᠭᠠᠵᠠᠷ ᠪᠣᠯᠣᠨ ᠴᠡᠴᠡᠷᠯᠢᠭ ᠤᠨ ᠬᠤᠭᠤᠷᠣᠨᠳᠤᠭᠢ ᠵᠠᠢ ᠨᠡᠯᠢᠶᠡᠳ ᠬᠤᠯᠠ ᠪᠣᠯᠬᠤᠷ ᠲᠣᠮᠣ ᠳᠤᠮᠳᠠ ᠭᠡᠯᠪᠡᠷᠢ ᠶᠢᠨ ᠴᠡᠴᠡᠷᠯᠢᠭ ᠨᠢ ᠣᠯᠠᠩᠬᠢ ᠬᠥᠮᠥᠨ ᠤ ᠣᠶᠢᠷ᠎ᠠ ᠬᠠᠪᠢ ᠳᠠᠭᠠᠨ ᠰᠡᠯᠡᠭᠦᠴᠡᠨ ᠠᠮᠠᠷᠠᠬᠤ ᠱᠠᠭᠠᠷᠳᠠᠯᠭ᠎ᠠ ᠶᠢ ᠬᠠᠩᠭᠠᠵᠤ ᠳᠡᠶᠢᠯᠭᠦ ᠦᠭᠡᠢ ᠶᠤᠮ᠃ 2021 ᠣᠨ ᠠᠴᠠ ᠡᠬᠢᠯᠡᠨ ᠭᠦᠭᠡᠬᠤᠲᠠ ᠰᠡᠳᠬᠢᠴᠡ ᠪᠠᠨ ᠬᠤᠪᠢᠷᠠᠭᠤᠯᠵᠤ᠂ ᠪᠠᠭ᠎ᠠ ᠭᠡᠯᠪᠡᠷᠢ ᠶᠢᠨ ︽ᠬᠠᠷᠮᠠᠨ ᠴᠡᠴᠡᠷᠯᠢᠭ︾ ᠢᠶᠠᠷ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠣᠯᠭᠠᠨ᠂ ︽ᠬᠠᠷᠮᠠᠨ ᠴᠡᠴᠡᠷᠯᠢᠭ︾ ᠤᠨ ᠨᠣᠭᠤᠭᠠᠷᠠᠭᠤᠯᠤᠯᠲᠠ ᠶᠢᠨ ᠲᠦᠷᠦᠯ ᠲᠡᠮᠳᠡᠭ ᠢ ᠬᠦᠴᠦᠯᠡᠨ ᠴᠣᠭᠴᠠᠯᠠᠵᠤ᠂ ᠠᠮᠢ ᠠᠬᠤᠢ ᠶᠢᠨ ᠴᠡᠴᠡᠷᠯᠢᠭ ᠢ ᠲᠦᠭᠡᠮᠡᠯ ᠬᠠᠷᠠᠭᠠᠯᠵᠠᠯᠲᠤ ᠠᠷᠠᠳ ᠤᠨ ᠠᠮᠢᠳᠤᠷᠠᠯ ᠤᠨ ᠠᠵᠠ ᠵᠢᠷᠭᠠᠯ ᠪᠤᠯᠭᠠᠵᠤ ᠪᠠᠶᠢᠨ᠎ᠠ᠃ ᠣᠶᠢᠯᠠᠭᠠᠭᠰᠠᠨ  ᠢᠶᠠᠷ᠂ ᠭᠦᠭᠡᠬᠤᠲᠠ ᠶᠢᠨ ︽ᠬᠠᠷᠮᠠᠨ ᠴᠡᠴᠡᠷᠯᠢᠭ︾ ᠤᠨ ᠲᠠᠯᠠᠪᠠᠢ 400 - 10000 ᠲᠡᠭᠰᠢ ᠳᠥᠷᠪᠡᠯᠵᠢᠨ ᠮᠧᠲᠷ ᠤᠨ ᠬᠤᠭᠤᠷᠣᠨᠳᠤ ᠪᠠᠶᠢᠵᠤ᠂ ᠭᠤᠣᠯᠳᠠᠭᠤ ᠰᠠᠭᠤᠭᠠᠯᠢ ᠲᠣᠭᠤᠷᠢᠭ ᠪᠠ ᠰᠤᠷᠭᠠᠭᠤᠯᠢ ᠵᠡᠷᠭᠡ ᠰᠠᠭᠤᠭᠠᠯᠢ ᠠᠷᠠᠳ ᠲᠥᠪᠯᠡᠷᠡᠭᠰᠡᠨ ᠭᠠᠵᠠᠷ ᠤᠨ ᠡᠷᠭᠢᠨ ᠲᠣᠭᠤᠷᠢᠨ ᠳᠤ ᠪᠠᠶᠢᠭᠤᠯᠵᠤ᠂ ᠬᠠᠶᠠᠭᠳᠠᠮᠠᠯ ᠭᠠᠵᠠᠷ᠂ ᠥᠨᠴᠥᠭ ᠪᠤᠯᠤᠩ ᠪᠠ ᠰᠤᠯᠠ ᠭᠠᠵᠠᠷ ᠢ ᠠᠰᠢᠭᠯᠠᠨ ᠰᠡᠶᠢᠷᠡᠭ ᠤᠢ ᠵᠦᠯᠭᠡᠲᠦ ᠭᠠᠵᠠᠷ ᠭᠠᠷᠭᠠᠵᠤ᠂ ᠬᠤᠸᠠᠷ ᠴᠡᠴᠡᠭ ᠲᠠᠷᠢᠵᠤ ᠭᠤᠶᠣᠵᠢᠭᠤᠯᠬᠤ ᠠᠷᠭ᠎ᠠ ᠪᠠᠷ ᠪᠦᠲᠦᠭᠡᠨ ᠪᠠᠶᠢᠭᠤᠯᠵᠤ ᠲᠡᠰ ᠳᠡᠪᠰᠢᠭᠦᠯᠦᠨ᠂ 15 ᠮᠢᠨᠦ᠋ᠲ ᠤᠨ ᠠᠮᠢ ᠠᠬᠤᠢ ᠶᠢᠨ ᠠᠷᠠᠳ ᠲᠤ ᠳᠥᠭᠦᠮ ᠦᠵᠡᠭᠦᠯᠭᠦ ᠠᠮᠢᠳᠤᠷᠠᠯ ᠤᠨ ᠲᠣᠭᠤᠷᠢᠭ ᠢ ᠪᠦᠭᠦ ᠬᠦᠴᠦᠨ ᠢᠶᠠᠷ ᠢᠶᠠᠨ ᠴᠣᠭᠴᠠᠯᠠᠪᠠ᠃      ︽ᠡᠨᠡ ᠬᠡᠰᠡᠭ ᠭᠠᠵᠠᠷ ᠤᠤᠯ ᠳᠠᠭᠠᠨ ᠬᠠᠶᠠᠭᠳᠠᠭᠠᠳ ᠤᠳᠠᠭᠰᠠᠨ ᠠᠲᠠᠷ ᠭᠠᠵᠠᠷ ᠪᠠᠶᠢᠵᠠᠢ᠂ ᠰᠡᠭᠦᠯᠡᠷ ᠨᠢ ᠪᠢᠳᠡ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠬᠡᠷᠡᠭᠴᠡᠭᠡ ᠶᠢ ᠪᠣᠳᠣᠯᠬᠢᠯᠠᠨ ᠤᠤᠯ ᠤᠨ ᠭᠠᠵᠠᠷ ᠤᠨ ᠪᠠᠶᠢᠴᠠ ᠶᠢᠨ ᠰᠠᠭᠤᠷᠢᠨ ᠳᠡᠭᠡᠷ᠎ᠡ ᠰᠣᠯᠣᠩᠭᠠᠨ ᠥᠩᠭᠡ ᠲᠠᠢ ᠤᠰᠤ ᠨᠡᠪᠴᠢᠬᠦ ᠵᠠᠮ ᠳᠡᠪᠢᠰᠴᠦ᠂ ᠪᠦᠭᠦ ᠵᠠᠮ ᠤᠨ ᠲᠣᠣᠷ ᠢ ᠲᠡᠭᠦᠯᠳᠡᠷᠵᠢᠭᠦᠯᠦᠨ᠂ ᠠᠭᠤᠳᠠᠮ ᠲᠠᠯᠠᠪᠠᠶ ᠵᠡᠷᠭᠡ ᠪᠡᠶ᠎ᠡ ᠪᠤᠯᠪᠠᠰᠤᠷᠠᠭᠤᠯᠬᠤ ᠣᠷᠣᠨ ᠪᠦᠰᠡ ᠶᠢ ᠰᠢᠨ᠎ᠡ ᠪᠠᠷ ᠪᠠᠶᠢᠭᠤᠯᠵᠤ᠂ ᠪᠡᠶ᠎ᠡ ᠪᠣᠯᠪᠠᠰᠤᠷᠠᠬᠤ᠂ ᠰᠡᠯᠡᠭᠦᠴᠡᠨ ᠲᠣᠭᠤᠷᠢᠬᠤ ᠲᠠᠯᠠᠪᠤᠷ ᠭᠠᠵᠠᠷ᠂ ᠣᠷᠣᠨ ᠵᠠᠢ ᠪᠠ ᠲᠥᠬᠦᠭᠡᠷᠦᠮᠵᠢ ᠶᠢ ᠢᠵᠢ ᠪᠦᠷᠢᠳᠦᠭᠦᠯᠪᠡ︾ ᠭᠡᠵᠦ ᠰᠠᠶᠢᠬᠠᠨ ᠲᠣᠭᠤᠷᠢᠭ  ᠤᠨ ᠬᠤᠲᠠ ᠶᠢᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠨᠣᠭᠤᠭᠠᠷᠠᠭᠤᠯᠤᠯᠲᠠ ᠶᠢᠨ ᠬᠠᠷᠢᠭᠤᠴᠠᠯᠭᠠᠲᠠᠨ ᠶᠢᠨ ᠾᠧ ᠨᠡᠶᠢᠭᠡᠮ ᠲᠣᠭᠤᠷᠢᠭ ᠤᠨ ︽ᠬᠠᠷᠮᠠᠨ ᠴᠡᠴᠡᠷᠯᠢᠭ︾ ᠢ ᠪᠠᠶᠢᠭᠤᠯᠤᠭᠰᠠᠨ ᠶᠠᠪᠤᠴᠠ ᠶᠢ ᠲᠠᠨᠢᠯᠴᠠᠭᠤᠯᠤᠯ᠎ᠠ᠃ ᠲᠤᠰ ᠺᠤᠮᠫᠠᠨᠢ ᠭᠦᠭᠡᠬᠤᠳᠠ ᠪᠠ ᠰᠠᠶᠢᠬᠠᠨ ᠲᠣᠭᠤᠷᠢᠭ  ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠠᠭᠠᠭᠤᠯᠭ᠎ᠠ ᠪᠠᠷ ᠪᠦᠲᠦᠭᠡᠨ ᠪᠠᠶᠢᠭᠤᠯᠤᠯᠲᠠ ᠬᠢᠬᠦ ᠠᠴᠠ ᠡᠮᠦᠨ᠎ᠡ ᠣᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠶᠢᠨ ᠾᠧ ᠨᠡᠶᠢᠭᠡᠮ ᠲᠣᠭᠤᠷᠢᠭ ᠤᠨ ︽ᠬᠠᠷᠮᠠᠨ ᠴᠡᠴᠡᠷᠯᠢᠭ︾ ᠲᠤ 17 ᠵᠦᠢᠯ ᠤᠨ ᠴᠡᠴᠡᠭ ᠢ 799 ᠲᠡᠭᠰᠢ ᠳᠥᠷᠪᠡᠯᠵᠢᠨ ᠮᠧᠲᠷ ᠳᠠᠷᠢᠵᠤ᠂ 76 ᠲᠡᠭᠰᠢ ᠳᠥᠷᠪᠡᠯᠵᠢᠨ ᠮᠧᠲᠷ ᠪᠦᠬᠦᠢ ᠮᠣᠳᠣᠨ ᠵᠥᠷᠢᠭ ᠵᠠᠮ ᠪᠣᠯᠣᠨ 1659 ᠲᠡᠭᠰᠢ ᠳᠥᠷᠪᠡᠯᠵᠢᠨ ᠮᠧᠲᠷ ᠪᠦᠬᠦᠢ ᠨᠣᠭᠤᠭᠠᠷᠠᠭᠤᠯᠤᠯᠲᠠ ᠶᠢᠨ ᠵᠠᠮ ᠵᠠᠰᠠᠵᠠᠢ᠃ ᠪᠠᠰᠠ ᠡᠷᠭᠢᠨ ᠲᠣᠭᠤᠷᠢᠨ ᠤ ᠣᠷᠴᠢᠨ ᠨᠥᠬᠦᠴᠡᠯ ᠵᠢᠴᠢ ᠣᠳᠣᠬᠢ ᠪᠠᠶᠢᠳᠠᠯ ᠢ ᠦᠨᠳᠦᠰᠦᠯᠡᠨ ᠤᠷᠭᠤᠴᠠ ᠪᠠᠷ ᠨᠡᠯᠢᠶᠡᠳ ᠰᠠᠶᠢᠨ ᠤᠤᠯ ᠤᠨ ᠲᠣᠷᠤᠭ ᠪᠤᠳᠠ ᠮᠣᠳᠣ ᠵᠡᠷᠭᠡ ᠶᠢ ᠦᠯᠡᠳᠡᠭᠡᠬᠦ ᠶᠢᠨ ᠬᠠᠮᠲᠤ ᠨᠥᠬᠦᠵᠦ ᠳᠠᠷᠢᠭᠠᠳ ᠤᠷᠭᠤᠮᠠᠯ ᠤᠨ ᠲᠥᠷᠥᠯ ᠵᠦᠢᠯ ᠢ ᠨᠡᠮᠡᠭᠳᠡᠭᠦᠯᠵᠦ᠂ ᠴᠡᠴᠡᠷᠯᠢᠭ ᠤᠨ ᠠᠮᠢ ᠠᠬᠤᠢ ᠪᠠ ᠦᠵᠡᠮᠦᠷᠢ ᠶᠢᠨ ᠦᠨ᠎ᠡ ᠥᠷᠲᠡᠭ ᠢ ᠪᠠᠲᠤᠯᠠᠨ᠂ ᠲᠠᠯ᠎ᠠ ᠨᠤᠲᠤᠭ ᠤᠨ ᠬᠤᠲᠠ ᠶᠢᠨ ᠥᠪᠡᠷᠮᠢᠴᠡ ᠣᠨᠴᠠᠯᠢᠭᠲᠤ ᠥᠩᠭᠡ ᠳᠦᠷᠰᠦ ᠶᠢ ᠭᠦᠢᠴᠡᠳ ᠢᠯᠡᠷᠡᠭᠦᠯᠵᠡᠢ᠃      ︽ᠬᠠᠷᠮᠠᠨ ᠴᠡᠴᠡᠷᠯᠢᠭ︾ ᠤᠨ ᠲᠠᠯᠠᠪᠠᠢ ᠨᠢ ᠪᠠᠭ᠎ᠠ ᠪᠤᠯᠪᠠᠴᠦ ᠦᠢᠯᠡᠳᠦᠯ ᠴᠢᠳᠠᠪᠬᠢ ᠨᠢ ᠮᠠᠰᠢ ᠶᠡᠭᠡ ᠪᠠᠶᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ  ᠤᠨ ᠲᠦᠪᠰᠢᠨ ᠢᠶᠠᠷ ᠮᠠᠰᠢ ᠥᠨᠳᠥᠷ ᠪᠠᠶᠢᠭ᠎ᠠ ᠶᠤᠮ᠃ ᠭᠦᠭᠡᠬᠤᠳᠠ ︽ᠬᠠᠷᠮᠠᠨ ᠴᠡᠴᠡᠷᠯᠢᠭ︾ ᠤᠨ ᠪᠦᠲᠦᠭᠡᠨ ᠪᠠᠶᠢᠭᠤᠯᠤᠯᠲᠠ ᠳᠤ ᠬᠠᠶᠢᠮᠢᠶᠠᠨ ᠬᠤᠲᠠ ᠶᠢᠨ ︽ᠨᠡᠪᠴᠢᠭᠦᠯᠬᠦ᠂ ᠲᠣᠭᠲᠠᠭᠠᠬᠤ᠂ ᠬᠠᠳᠠᠭᠠᠯᠠᠬᠤ᠂ ᠴᠡᠪᠡᠷᠯᠡᠬᠦ᠂ ᠬᠡᠷᠡᠭᠯᠡᠬᠦ᠂ ᠭᠠᠳᠠᠭᠰᠢᠯᠠᠭᠤᠯᠬᠤ︾ᠣᠶᠢᠯᠠᠭᠠᠭᠳᠠᠬᠤᠨ ᠢ ᠠᠭᠤᠰᠤᠯᠴᠠᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠠᠵᠢᠯ ᠠᠴᠠ ᠭᠠᠳᠠᠨ᠎ᠠ ᠪᠣᠷᠣᠭᠠᠨ ᠤ ᠤᠰᠤ ᠶᠢ ᠬᠤᠷᠠᠮᠳᠤᠭᠤᠯᠬᠤ ᠴᠡᠴᠡᠭ ᠤᠨ ᠬᠦᠷᠢᠶᠡᠯᠡᠩ᠂ ᠤᠷᠭᠤᠮᠠᠯ ᠤᠨ ᠰᠤᠪᠠᠭ ᠵᠡᠷᠭᠡ ᠪᠣᠷᠣᠭᠠᠨ ᠤ ᠤᠰᠤ ᠶᠢ ᠬᠤᠷᠢᠶᠠᠨ ᠠᠰᠢᠭᠯᠠᠬᠤ ᠲᠥᠬᠦᠭᠡᠷᠦᠮᠵᠢ ᠶᠢ ᠨᠡᠮᠡᠭᠰᠡᠨ ᠪᠥᠭᠡᠳ ᠴᠡᠴᠡᠷᠯᠢᠭ ᠤᠨ ᠳᠣᠲᠣᠷᠠᠬᠢ ᠠᠭᠤᠳᠠᠮ ᠲᠠᠯᠠᠪᠠᠶ ᠪᠠ ᠶᠠᠪᠠᠭᠠᠨ ᠵᠠᠮ ᠵᠡᠷᠭᠡ ᠳᠤ ᠪᠦᠷ ᠤᠰᠤ ᠨᠡᠪᠴᠢᠬᠦ ᠮᠠᠲ᠋ᠧᠷᠢᠶᠠᠯ ᠢ ᠠᠰᠢᠭᠯᠠᠭᠰᠠᠨ ᠪᠣᠯᠬᠤᠷ ᠴᠡᠴᠡᠷᠯᠢᠭ ᠤᠨ ᠳᠣᠲᠣᠷ᠎ᠠ ᠤᠰᠤ ᠲᠤᠨᠤᠬᠤ ᠦᠭᠡᠢ᠂ ᠭᠠᠳᠠᠭᠰᠢ ᠪᠠᠨ ᠤᠰᠤ ᠤᠷᠤᠰᠬᠤ ᠦᠭᠡᠢ ᠪᠠᠶᠢᠬᠤ ᠶᠢ ᠪᠠᠲᠤᠯᠠᠵᠤ᠂ ᠪᠣᠷᠣᠭᠠᠨ ᠤ ᠤᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠡᠷᠭᠢᠯᠳᠦᠭᠦᠯᠦᠨ ᠠᠰᠢᠭᠯᠠᠬᠤ ᠶᠢᠨ ᠬᠠᠮᠲᠤ ᠭᠠᠵᠠᠷ ᠳᠣᠣᠷᠠᠬᠢ ᠤᠰᠤ ᠶᠢ ᠪᠦᠲᠦᠮᠵᠢᠲᠡᠶ ᠨᠥᠬᠦᠪᠦᠷᠢᠯᠡᠬᠦ ᠶᠢ ᠪᠡᠶᠡᠯᠡᠭᠦᠯᠵᠡᠢ᠃ ᠪᠠᠰᠠ ᠠᠷᠪᠢᠴᠢ ᠭᠠᠮᠲᠠᠢ ᠡᠷᠴᠢᠮᠯᠢᠭ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠨ ᠪᠠᠭ᠎ᠠ ᠵᠣᠭᠤᠰ ᠢᠶᠠᠷ ᠶᠡᠭᠡ ᠶᠠᠪᠤᠳᠠᠯ ᠪᠦᠲᠦᠭᠡᠬᠦ ᠪᠠᠷ ᠴᠢᠷᠮᠠᠶᠢᠵᠤ᠂ ᠴᠡᠴᠡᠷᠯᠢᠭ ᠤᠨ ᠬᠠᠶᠠᠭᠳᠠᠮᠠᠯ ᠮᠠᠲ᠋ᠧᠷᠢᠶᠠᠯ ᠢ ᠰᠢᠷᠡᠭᠡ ᠰᠠᠨᠳᠠᠯᠢ ᠬᠢᠬᠦ ᠪᠠ ᠶᠠᠪᠠᠭᠠᠨ ᠵᠠᠮ ᠳᠡᠪᠢᠰᠬᠦ ᠳᠤ ᠬᠡᠷᠡᠭᠯᠡᠨ᠂ ᠰᠠᠭᠤᠷᠢ ᠲᠥᠬᠦᠭᠡᠷᠦᠮᠵᠢ ᠶᠢᠨ ᠤᠷᠤᠭᠤᠯᠤᠯᠳᠠ ᠶᠢᠨ ᠥᠪᠡᠷ ᠤᠨ ᠦᠷᠳᠡᠭ ᠢ ᠠᠷᠪᠢᠯᠠᠪᠠ; ᠬᠤᠳᠠ ᠲᠣᠭᠤᠷᠢᠭ ᠤᠨ ᠵᠠᠷᠢᠮ ᠭᠠᠵᠠᠷ ᠤᠨ ᠭᠡᠳᠤ ᠰᠠᠬᠤᠯᠢᠭ ᠤᠢ ᠮᠣᠳᠣ ᠶᠢ ᠵᠦᠢ ᠵᠣᠬᠢᠰᠲᠠᠢ ᠪᠠᠷ ᠰᠡᠶᠢᠷᠡᠭᠵᠢᠭᠦᠯᠦᠨ ︽ᠬᠠᠷᠮᠠᠨ ᠴᠡᠴᠡᠷᠯᠢᠭ︾ ᠲᠤ ᠰᠢᠯᠵᠢᠭᠦᠯᠦᠨ ᠵᠠᠶᠢᠯᠠᠵᠤ᠂ ᠤᠢ ᠮᠣᠳᠣ ᠶᠢᠨ ᠤᠷᠤᠭᠤᠯᠤᠯᠳᠠ ᠶᠢᠨ ᠥᠪᠡᠷ ᠤᠨ ᠦᠷᠳᠡᠭ ᠢ ᠪᠠᠭᠠᠰᠬᠠᠪᠠ; ᠥᠪᠡᠷ ᠤᠨ ᠴᠡᠴᠡᠭ ᠤᠨ ᠬᠦᠷᠢᠶᠡᠯᠡᠩ ᠪᠠ ᠴᠢᠬᠢ ᠮᠣᠳᠣᠨ ᠤ ᠬᠦᠷᠢᠶᠡᠯᠡᠩ ᠳᠤ ᠲᠦᠰᠢᠭᠯᠡᠨ ᠬᠤᠸᠠᠷ ᠴᠡᠴᠡᠭ ᠡᠪᠡᠰᠦ ᠤᠷᠭᠤᠮᠠᠯ ᠪᠣᠶᠢᠵᠢᠭᠤᠯᠵᠤ᠂ ᠬᠥᠷᠥᠰᠥᠨ ᠬᠤᠴᠢᠯᠭ᠎ᠠ ᠶᠢᠨ ᠤᠷᠭᠤᠮᠠᠯ ᠤᠨ ᠤᠷᠤᠭᠤᠯᠤᠯᠳᠠ ᠶᠢᠨ ᠥᠪᠡᠷ ᠤᠨ ᠦᠷᠳᠡᠭ ᠢ ᠪᠠᠭᠤᠷᠠᠭᠤᠯᠤᠭᠰᠠᠨ ᠠᠵᠢ᠃      ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠦᠨᠳᠦᠰᠦᠯᠡᠪᠡᠯ᠂ ᠤᠳᠤ ᠭᠦᠭᠡᠬᠤᠲᠠ ᠶᠢᠨ ᠨᠢᠭᠡᠨᠲᠡ ᠪᠦᠲᠦᠭᠡᠨ ᠪᠠᠶᠢᠭᠤᠯᠵᠤ ᠳᠠᠭᠤᠰᠤᠭᠰᠠᠨ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠠᠯᠠᠪᠠᠶ 11089.13 ᠾᠧᠺᠲ᠋ᠠᠷ᠂ ᠨᠣᠭᠤᠭᠠᠷᠠᠭᠤᠯᠤᠯᠲᠠ ᠶᠢᠨ ᠨᠣᠷᠮ᠎ᠠ 40.91%᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 43.77% ᠳᠤ ᠬᠦᠷᠴᠡᠢ᠃ ᠡᠭᠦᠨ ᠳᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ 4233.14 ᠾᠧᠺᠲ᠋ᠠᠷ ᠪᠠᠶᠢᠵᠤ᠂ ᠬᠥᠮᠥᠨ ᠳᠤᠮᠳᠠᠴᠢ ᠳᠤ ᠨᠣᠭᠳᠠᠬᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ 17.26 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠦᠭᠦ ᠤᠯᠤᠰ  ᠤᠨ ᠮᠤᠵᠢ ᠣᠷᠣᠨ ᠤ ᠲᠥᠪ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃︽ᠡᠨᠡ ᠵᠢᠯ ᠭᠦᠭᠡᠬᠤᠳᠠ 200 ᠴᠡᠴᠡᠷᠯᠢᠭ ᠪᠣᠯᠣᠨ 200 ᠺᠢᠯᠣᠮᠧᠲᠷ ᠬᠤᠳᠠ  ᠶᠢᠨ ᠨᠣᠭᠤᠭᠠᠷᠠᠭᠤᠯᠤᠯᠲᠠ ᠶᠢᠨ ᠵᠠᠮ ᠢ ᠥᠭᠡᠷᠡᠴᠢᠯᠡᠨ ᠰᠠᠶᠢᠵᠢᠷᠠᠭᠤᠯᠵᠤ᠂ 1000 ᠬᠡᠰᠡᠭ ᠭᠠᠵᠠᠷ ᠢ ᠨᠣᠭᠤᠭᠠᠷᠠᠭᠤᠯᠬᠤ ᠪᠣᠯᠣᠨ᠎ᠠ᠃ ᠪᠢᠳᠡ ︿ᠲᠥᠯᠥᠪᠯᠡᠭᠡ  ᠲᠠᠢ ᠪᠠᠷ ᠨᠣᠭᠤᠭᠠᠷᠠᠭᠤᠯᠬᠤ﹀᠂ ︿ᠵᠠᠭᠠᠭ ᠵᠠᠪᠰᠠᠷ ᠢ ᠨᠣᠭᠤᠭᠠᠷᠠᠭᠤᠯᠬᠤ﹀᠂ ︿ᠬᠦᠷᠢᠶ᠎ᠡ ᠬᠠᠰᠢᠶ᠎ᠠ ᠶᠢ ᠨᠣᠭᠤᠭᠠᠷᠠᠭᠤᠯᠬᠤ﹀ ᠪᠠᠷ ᠳᠠᠮᠵᠢᠨ ᠨᠠᠩ ᠲᠥᠭᠦᠮ ᠳᠥᠲᠡ᠂ ᠨᠠᠩ ᠲᠠᠭᠠᠯᠠᠮᠵᠢᠲᠠᠢ᠂ ᠨᠠᠩ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠵᠤ᠂ ᠬᠤᠲᠠ ᠶᠢᠨ ᠠᠷᠠᠳ ᠲᠤ ᠠᠮᠢ ᠠᠬᠤᠢ ᠶᠢᠨ ᠦᠷ᠎ᠡ ᠠᠰᠢᠭ ᠢ ᠤᠯᠠᠮ ᠰᠠᠶᠢᠨ ᠡᠳ᠋ᠯᠡᠭᠦᠯᠭᠦ ᠪᠠᠷ ᠴᠢᠷᠮᠠᠶᠢᠨ᠎ᠠ︾ ᠭᠡᠵᠦ ᠭᠦᠭᠡᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠭᠢᠯᠡᠭᠴᠢ ᠸᠠᠩ ᠳ᠋ᠠ ᠴᠢᠶᠠᠨ ᠬᠡᠯᠡᠨ᠎ᠡ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ