ᠭᠦᠭᠡᠬᠤᠲᠠ ᠶᠢᠨ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ ᠢᠶᠠᠷ᠂ 8 ᠰᠠᠷ᠎ᠠ ᠳᠤ ᠲᠤᠰ ᠨᠢᠰᠬᠡᠯ ᠤᠨ ᠪᠠᠭᠤᠳᠠᠯ 158.4 ᠲᠦᠮᠡᠨ | ᠠᠶᠠᠨᠴᠢᠨ︵ᠤᠳᠠᠭ᠎ᠠ︶ ᠵᠥᠭᠡᠭᠡᠪᠦᠷᠢᠯᠡᠵᠦ᠂ 1.3 ᠲᠦᠮᠡᠨ ᠡᠭᠡᠯᠵᠢ ᠶᠢᠨ ᠠᠶᠠᠨᠴᠢᠳ ᠤᠨ ᠨᠢᠰᠬᠡᠯ ᠤᠨ ᠨᠢᠰᠴᠦ ᠪᠠᠭᠤᠬᠤ ᠶᠢ ᠪᠠᠲᠤᠯᠠᠨ᠂ 5300 ᠲᠣᠨ | ᠪᠠᠷᠠᠭ᠎ᠠ ᠲᠡᠭᠡᠭᠡᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.8%᠂ 5.2% ᠪᠠ 42.7% ᠪᠠᠷ ᠨᠡᠮᠡᠭᠳᠡᠵᠦ᠂ ᠭᠠᠭᠴᠠ | ᠰᠠᠷ᠎ᠠ ᠶᠢᠨ ᠠᠶᠠᠨᠴᠢᠨ ᠤ ᠵᠥᠭᠡᠭᠡᠪᠦᠷᠢ ᠶᠢᠨ ᠬᠡᠮᠵᠢᠶ᠎ᠡ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ | ᠣᠶᠢᠯᠠᠭᠠᠭᠰᠠᠨ ᠢᠶᠠᠷ᠂ 8 ᠰᠠᠷ᠎ᠠ ᠳᠤ ᠭᠦᠭᠡᠬᠤᠲᠠ ᠶᠢᠨ ᠨᠢᠰᠬᠡᠯ ᠤᠨ ᠪᠠᠭᠤᠳᠠᠯ ᠤᠨ ᠬᠢᠨ ᠨᠢᠭᠡ ᠲᠠᠯ᠎ᠠ ᠪᠠᠷ ᠲᠡᠭᠡᠭᠡᠪᠦᠷᠢ ᠶᠢᠨ ᠬᠦᠴᠦᠨ ᠢ | ᠣᠷᠣᠭᠤᠯᠤᠨ ᠠᠪᠴᠢᠷᠠᠵᠤ᠂ ᠠᠭᠠᠷ ᠤᠨ ᠠᠶᠠᠯᠠᠯ ᠤᠨ ᠺᠤᠮᠫᠠᠨᠢ ᠲᠠᠢ ᠢᠳᠡᠪᠬᠢᠲᠡᠢ ᠬᠤᠯᠪᠤᠭᠠᠯᠠᠨ ᠨᠢᠰᠬᠡᠯ ᠤᠨ ᠭᠡᠯᠪᠡᠷᠢ ᠶᠢᠨ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠨᠦᠭᠦᠭᠡ ᠲᠠᠯ᠎ᠠ ᠪᠠᠷ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠠᠳᠬᠤᠨ᠂ ᠰᠣᠶᠣᠯ ᠵᠢᠭᠤᠯᠴᠢᠯᠠᠯ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠪᠠ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠭᠠᠷ ᠤᠨ ᠠᠶᠠᠯᠠᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ | ᠭᠦᠨᠵᠡᠭᠡᠶᠢᠷᠡᠭᠦᠯᠪᠡ᠃ | ᠵᠣᠨ ᠤ ᠠᠮᠠᠷᠠᠯᠲᠠ ᠶᠢᠨ ᠵᠥᠭᠡᠭᠡᠪᠦᠷᠢ ᠶᠢᠨ ᠬᠥᠭᠵᠢᠶᠡᠨᠲᠦ ᠤᠯᠠᠷᠢᠯ ᠥᠩᠭᠡᠷᠡᠬᠦ ᠶᠢ ᠳᠠᠭᠠᠯᠳᠤᠨ ᠭᠦᠭᠡᠬᠤᠲᠠ ᠶᠢᠨ ᠨᠢᠰᠬᠡᠯ ᠤᠨ ᠪᠠᠭᠤᠳᠠᠯ ᠡᠭᠡᠯᠵᠢ ᠶᠢᠨ | ᠨᠢᠰᠬᠡᠯ ᠤᠨ ᠤᠯᠠᠷᠢᠯ ᠰᠣᠯᠢᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠵᠡᠩᠨᠡᠨ ᠪᠣᠷᠣᠯᠠᠭᠤᠯᠬᠤ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ | ᠡᠭᠦᠳᠦᠨ᠂ ︽ᠭᠦᠭᠡᠬᠤᠲᠠ ᠪᠠᠷ ᠳᠡᠮᠵᠢᠨ ᠨᠢᠰᠬᠦ︾ᠦᠢᠯᠡᠴᠢᠯᠡᠭᠡ ᠶᠢ ᠰᠢᠯᠢᠳᠡᠭᠵᠢᠭᠦᠯᠵᠦ᠂ ᠣᠯᠠᠨ ᠤᠯᠤᠰ ᠤᠨ ᠠᠶᠠᠯᠠᠯ ᠨᠡᠪᠲᠡᠷᠡᠬᠦ ᠬᠤᠲᠠ ᠶᠢ ᠤᠯᠠᠮ | ᠥᠷᠭᠡᠳᠬᠡᠨ᠂ ᠡᠭᠡᠯᠵᠢ ᠶᠢᠨ ᠨᠢᠰᠬᠡᠯ ᠤᠨ ᠡᠵᠡᠩᠨᠡᠯᠲᠡ ᠶᠢ ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠣᠷᠣᠨ ᠤ ᠳᠣᠲᠣᠷᠠᠬᠢ ᠠᠯᠲᠠᠨ ᠨᠠᠮᠤᠷ ᠤᠨ | ᠵᠢᠭᠤᠯᠴᠢᠯᠠᠯ᠂ ᠮᠥᠰᠥ ᠴᠠᠰᠤᠨ ᠤ ᠵᠢᠭᠤᠯᠴᠢᠯᠠᠯ᠂ ᠣᠷᠣᠨ ᠤ ᠭᠠᠳᠠᠨᠠᠬᠢ ᠨᠡᠭᠦᠳᠡᠯ ᠤᠨ ᠰᠢᠪᠠᠭᠤ ᠶᠢᠨ ᠵᠢᠭᠤᠯᠴᠢᠯᠠᠯ᠂ ᠡᠪᠦᠯ ᠤᠨ ᠤᠯᠠᠷᠢᠯ ᠤᠨ ᠵᠢᠭᠤᠯᠴᠢᠯᠠᠯ | ᠢᠶᠠᠷ ᠭᠤᠣᠯ ᠱᠤᠭᠤᠮ ᠪᠣᠯᠭᠠᠨ ᠣᠯᠠᠨ ᠶᠠᠩᠵᠤ ᠭᠡᠯᠪᠡᠷᠢ ᠶᠢᠨ ᠠᠷᠠᠳ ᠲᠤ ᠠᠰᠢᠭ ᠬᠦᠷᠲᠡᠭᠡᠬᠦ ᠵᠢᠭᠤᠯᠴᠢᠯᠠᠯ ᠤᠨ ᠦᠢᠯᠡᠳᠬᠦᠨ ᠢ ᠦᠷᠭᠦᠯᠵᠢᠯᠡᠨ ᠭᠠᠷᠭᠠᠵᠤ᠂ | ᠠᠶᠠᠨᠴᠢᠳ ᠤᠨ ᠤᠷᠤᠰᠬᠠᠯ ᠤᠨ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠬᠦ ᠪᠠᠷ ᠪᠤᠢ᠃ |