ᠭᠦᠭᠡᠬᠤᠲᠠ 11 ᠰᠢᠨᠵᠢᠯᠡᠬᠦ ᠤᠬᠠᠭᠠᠨᠲᠠᠨ ︵ᠲᠤᠰᠬᠠᠢ ᠮᠡᠷᠭᠡᠵᠢᠯᠲᠡᠨ︶ ᠤ ᠠᠵᠢᠯᠯᠠᠬᠤ ᠥᠷᠲᠡᠭᠡ ᠶᠢ ᠳᠠᠩᠰᠠᠯᠠᠭᠤᠯᠵᠠᠢ
ᠨᠡᠶᠢᠲᠡᠯᠡᠭᠰᠡᠨ ᠴᠠᠭ᠄
2024/9/20
      ᠲᠦᠷᠦᠭᠦᠬᠡᠨ᠂ ᠭᠦᠭᠡᠬᠤᠲᠠ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠵᠡᠷᠭᠡ 11 ᠰᠢᠨᠵᠢᠯᠡᠬᠦ ᠤᠬᠠᠭᠠᠨᠲᠠᠨ ︵ᠲᠤᠰᠬᠠᠢ ᠮᠡᠷᠭᠡᠵᠢᠯᠲᠡᠨ︶ ᠤ  ᠠᠵᠢᠯᠯᠠᠬᠤ ᠥᠷᠲᠡᠭᠡ ᠶᠢ  ᠠᠮᠵᠢᠯᠲᠠ ᠲᠠᠢ  ᠪᠠᠷ  ᠳᠠᠩᠰᠠᠯᠠᠭᠤᠯᠪᠠ᠃      ᠰᠢᠨᠵᠢᠯᠡᠬᠦ ᠤᠬᠠᠭᠠᠨᠲᠠᠨ ︵ᠲᠤᠰᠬᠠᠢ ᠮᠡᠷᠭᠡᠵᠢᠯᠲᠡᠨ︶  ᠤ ᠠᠵᠢᠯᠯᠠᠬᠤ ᠥᠷᠲᠡᠭᠡ ᠪᠣᠯ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨᠲᠠᠨ︵ᠲᠤᠰᠬᠠᠢ ᠮᠡᠷᠭᠡᠵᠢᠯᠲᠡᠨ︶ ᠵᠢᠴᠢ ᠰᠢᠨ᠎ᠡ ᠶᠢ ᠡᠭᠦᠳᠬᠦ ᠪᠦᠯᠭᠦᠮ  ᠨᠡᠶᠢᠲᠡ ᠳᠤ ᠲᠦᠰᠢᠭᠯᠡᠨ ᠪᠠᠶᠢᠭᠤᠯᠤᠭᠰᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠷ᠎ᠡ ᠪᠦᠲᠦᠭᠡᠯ ᠢ ᠤᠯᠠᠷᠢᠭᠤᠯᠬᠤ ᠪᠠ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠪᠠ ᠣᠶᠤᠨ ᠤ ᠲᠤᠯᠭᠠᠭᠤᠷᠢᠯᠠᠯ ᠬᠠᠩᠭᠠᠬᠤ ᠴᠢᠬᠤᠯᠠ ᠲᠠᠪᠴᠠᠩ ᠪᠣᠯᠣᠨ᠎ᠠ᠃ ᠭᠦᠭᠡᠬᠤᠲᠠ ᠶᠢᠨ ᠲᠣᠰ ᠤᠳᠠᠭ᠎ᠠ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨᠲᠠᠨ ︵ᠲᠤᠰᠬᠠᠢ ᠮᠡᠷᠭᠡᠵᠢᠯᠲᠡᠨ︶ ᠤ ᠠᠵᠢᠯᠯᠠᠬᠤ ᠥᠷᠲᠡᠭᠡ ᠨᠢ ᠭᠤᠣᠯᠳᠠᠭᠤ ᠭᠦᠭᠡᠬᠤᠲᠠ ᠶᠢᠨ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭᠠᠨ ᠤ ᠲᠥᠷᠥᠯ ᠵᠦᠢᠯ ᠳᠤ ᠲᠦᠰᠢᠭᠯᠡᠨ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠬᠦ ᠪᠠ ᠪᠠᠶᠢᠭᠤᠯᠬᠤ ᠲᠦᠪᠰᠢᠨ ᠢ ᠳᠡᠭᠡᠭᠰᠢᠯᠡᠭᠦᠯᠦᠨ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠬᠢᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠵᠦ᠂ ᠪᠦᠭᠦ ᠬᠤᠲᠠ ᠶᠢᠨ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠨ ᠳᠠᠶᠢᠴᠢᠯᠠᠬᠤ ᠪᠣᠯᠣᠨ᠎ᠠ᠃      ᠣᠶᠢᠯᠠᠭᠠᠭᠰᠠᠨ ᠢᠶᠠᠷ᠂ ᠭᠦᠭᠡᠬᠤᠲᠠ ᠡᠳᠡᠭᠡᠷ 11 ᠠᠵᠢᠯᠯᠠᠬᠤ ᠥᠷᠲᠡᠭᠡ ᠳᠤ ᠲᠦᠰᠢᠭᠯᠡᠨ᠂  ᠣᠷᠣᠨ ᠤ ᠳᠣᠲᠣᠨ᠎ᠠ ᠭᠠᠳᠠᠨᠠᠬᠢ 46 ᠰᠢᠨᠵᠢᠯᠡᠬᠦ ᠤᠬᠠᠭᠠᠨᠲᠠᠨ︵ᠲᠤᠰᠬᠠᠢ ᠮᠡᠷᠭᠡᠵᠢᠯᠲᠡᠨ︶ ᠢ  ᠴᠤᠭᠯᠠᠷᠠᠭᠤᠯᠵᠤ᠂ ᠬᠥᠮᠥᠨ ᠲᠥᠷᠥᠯᠬᠢᠲᠡᠨ ᠤ ᠡᠷᠡᠭᠦᠯ ᠮᠡᠨᠳᠦ᠂ ᠰᠠᠭᠠᠯᠢ ᠶᠢᠨ ᠦᠨᠢᠶ᠎ᠡ ᠶᠢᠨ ᠦᠢᠯᠡᠰ᠂ ᠰᠦᠨ ᠬᠦᠴᠢᠯ ᠤᠨ ᠪᠠᠺᠲ᠋ᠧᠷᠢ ᠶᠢᠨ ᠡᠬᠢ ᠪᠠᠶᠠᠯᠢᠭ ᠵᠡᠷᠭᠡ ᠤᠯᠠᠨ ᠬᠦᠷᠢᠶ᠎ᠡ ᠴᠠᠷᠠᠭᠠᠨ ᠳᠤ ᠰᠤᠳᠤᠯᠭᠠᠨ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠲᠣᠭᠤᠷᠢᠨ ᠳᠤ᠂ ᠴᠢᠳᠠᠪᠤᠷᠢᠲᠠᠨ ᠤ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ ᠭᠦᠭᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ