ᠭᠦᠭᠡᠬᠤᠲᠠ ᠳᠤ ᠬᠤᠲᠠ ᠶᠢᠨ ᠲᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ 5 ᠨᠡᠮᠡᠭᠳᠡᠪᠡ
ᠨᠡᠶᠢᠲᠡᠯᠡᠭᠰᠡᠨ ᠴᠠᠭ᠄
2024/9/20
      ᠣᠶᠢᠷ᠎ᠠ ᠳᠤ᠂ ᠭᠦᠭᠡᠬᠤᠲᠠ ᠰᠦ ᠬᠢᠭᠡᠳ ᠴᠠᠭᠠᠨ ᠢᠳᠡᠭᠡᠨ ᠤ ᠶᠠᠰᠤ ᠴᠢᠨᠠᠷ ᠵᠢᠴᠢ ᠢᠳᠡᠭᠡᠨ ᠤ ᠠᠮᠤᠷ ᠲᠦᠪᠰᠢᠨ ᠢ ᠳᠡᠭᠡᠭᠰᠢᠯᠡᠭᠦᠯᠭᠦ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠵᠡᠷᠭᠡ ᠬᠤᠲᠠ ᠶᠢᠨ ᠳᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ 5 ᠰᠢᠨ᠎ᠡ ᠪᠠᠷ ᠳᠠᠩᠰᠠᠯᠠᠭᠤᠯᠵᠤ᠂ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠨᠡᠶᠢᠲᠡ 85 ᠪᠣᠯᠪᠠ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ 36᠂ ᠬᠤᠲᠠ ᠶᠢᠨ ᠲᠠᠰ ᠤᠨ ᠰᠢᠨ᠎ᠡ ᠶᠢ ᠡᠭᠦᠳᠬᠦ  ᠬᠤᠯᠪᠣᠭᠠᠲᠤ ᠴᠣᠭᠴᠠ 49 ᠪᠤᠢ᠃      ᠲᠣᠰ ᠤᠳᠠᠭ᠎ᠠ ᠳᠠᠩᠰᠠᠯᠠᠭᠤᠯᠤᠭᠰᠠᠨ 5 ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠨᠢ ᠭᠤᠣᠯᠳᠠᠭᠤ ᠰᠦ ᠶᠢᠨ ᠦᠢᠯᠡᠰ ᠪᠠ ᠡᠷᠡᠭᠦᠯ ᠮᠡᠨᠳᠦ ᠶᠢᠨ ᠡᠮᠴᠢᠯᠡᠭᠡᠨ ᠤ ᠬᠦᠷᠢᠶᠡᠨ ᠳᠤ ᠲᠥᠪᠯᠡᠷᠡᠪᠡ᠃ ᠡᠭᠦᠨ ᠳᠤ᠂ ᠰᠦ ᠬᠢᠭᠡᠳ ᠴᠠᠭᠠᠨ ᠢᠳᠡᠭᠡᠨ ᠤ ᠶᠠᠰᠤ ᠴᠢᠨᠠᠷ ᠵᠢᠴᠢ ᠢᠳᠡᠭᠡᠨ ᠤ ᠠᠮᠤᠷ ᠲᠦᠪᠰᠢᠨ ᠢ ᠳᠡᠭᠡᠭᠰᠢᠯᠡᠭᠦᠯᠭᠦ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠲᠦᠷᠦᠭᠦᠯᠡᠨ ᠪᠠᠶᠢᠭᠤᠯᠵᠤ᠂ ᠰᠠᠭᠠᠯᠢ ᠶᠢᠨ ᠦᠨᠢᠶ᠎ᠡ ᠲᠡᠵᠢᠭᠡᠬᠦ ᠮᠡᠷᠭᠡᠵᠢᠯ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠮᠢᠺᠷᠣᠪ ᠤᠨ ᠡᠬᠢ ᠪᠠᠶᠠᠯᠢᠭ ᠢ ᠴᠤᠭᠯᠠᠭᠤᠯᠬᠤ᠂ ᠰᠢᠯᠭᠠᠨ ᠲᠣᠭᠲᠠᠭᠠᠬᠤ᠂ ᠦᠨᠡᠯᠡᠬᠦ᠂ ᠴᠢᠳᠠᠮᠵᠢᠲᠤ ᠮᠢᠺᠷᠣᠪ ᠤᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ᠂ ᠮᠠᠯᠵᠢᠯ ᠤᠨ ᠲᠠᠯᠠᠪᠠᠢ ᠶᠢᠨ ᠣᠯᠠᠨ ᠡᠯᠧᠮᠧᠨ᠋ᠲ ᠤᠨ ᠲᠦᠭᠦᠬᠡᠢ ᠰᠦ ᠶᠢᠨ ᠶᠠᠰᠤ ᠴᠢᠨᠠᠷ ᠵᠢᠴᠢ ᠲᠣᠭᠲᠠᠪᠤᠷᠢᠲᠤ ᠴᠢᠨᠠᠷ ᠲᠠᠬᠢ ᠨᠥᠯᠥᠭᠡ ᠵᠡᠷᠭᠡ ᠬᠦᠷᠢᠶᠡᠨ ᠳᠤ ᠬᠠᠮᠲᠤᠷᠠᠨ ᠪᠣᠭᠤᠮᠲᠠ ᠰᠢᠪᠲᠤᠯᠵᠤ᠂ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠭᠦ ᠪᠤᠯᠤᠨ᠎ᠠ; ᠲᠠᠷᠢᠬᠢᠨ ᠤ ᠡᠷᠡᠭᠦᠯᠵᠢᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠥᠪᠥᠷ ᠮᠣᠩᠭᠤᠯ ᠤᠨ ᠱᠧᠨ ᠺᠠᠩ ᠡᠮᠴᠢᠯᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠲᠦᠷᠦᠭᠦᠯᠡᠨ ᠪᠠᠶᠢᠭᠤᠯᠵᠤ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢ ᠣᠶᠤᠨᠴᠢ ᠪᠠᠷ ᠬᠠᠪᠰᠤᠷᠤᠨ ᠣᠨᠣᠰᠢᠯᠠᠨ ᠡᠮᠨᠡᠬᠦ ᠲᠠᠪᠴᠠᠩ ᠤᠨ ᠲᠥᠷᠥᠯ ᠵᠦᠢᠯ ᠤᠨ ᠠᠷᠠᠳ ᠲᠤ  ᠠᠰᠢᠭ  ᠬᠦᠷᠲᠡᠭᠡᠬᠦ  ᠢᠨᠵᠧᠨᠧᠷᠢᠩ ᠢ ᠥᠷᠨᠢᠭᠦᠯᠬᠦ ᠪᠠᠷ ᠳᠠᠮᠵᠢᠭᠤᠯᠤᠨ᠂ ︽ᠳᠤᠮᠳᠠᠳᠤ ᠤᠯᠤᠰ ᠤᠨ ᠲᠠᠷᠢᠬᠢᠨ ᠤ ᠬᠥᠨᠳᠡᠢ᠂ ᠣᠶᠤᠨᠲᠤ ᠡᠮᠴᠢᠯᠡᠭᠡ ᠡᠷᠡᠭᠦᠯᠵᠢᠯ ᠤᠨ ᠠᠵᠤ ᠦᠢᠯᠡᠰ ᠤᠨ ᠬᠦᠷᠢᠶᠡᠯᠡᠩ︾ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠲᠠᠷᠢᠬᠢᠨ ᠤ ᠣᠨᠣᠰᠢᠯᠠᠨ ᠡᠮᠨᠡᠬᠦ ᠮᠡᠷᠭᠡᠵᠢᠯ ᠤᠨ ᠬᠡᠷᠡᠭᠯᠡᠯᠲᠡ ᠶᠢ ᠪᠦᠭᠦ ᠲᠠᠯ᠎ᠠ ᠪᠠᠷ ᠥᠷᠨᠢᠭᠦᠯᠬᠦ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ