ᠭᠦᠭᠡᠬᠤᠳᠠ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 15% ᠪᠠᠷ ᠨᠡᠮᠡᠭᠳᠡᠯ᠎ᠡ
ᠨᠡᠶᠢᠲᠡᠯᠡᠭᠰᠡᠨ ᠴᠠᠭ᠄
2024/9/20
      ᠭᠦᠭᠡᠬᠤᠳᠠ ᠶᠢᠨ ᠬᠥᠭᠵᠢᠭᠦᠯᠦᠯᠲᠡ ᠪᠠ  ᠥᠭᠡᠷᠡᠴᠢᠯᠡᠯᠲᠡ ᠶᠢᠨ  ᠵᠥᠪᠯᠡᠯ   ᠠᠴᠠ  ᠣᠶᠢᠯᠠᠭᠠᠭᠰᠠᠨ ᠢᠶᠠᠷ  ᠲᠦᠷᠦᠭᠦᠦ  7 ᠰᠠᠷ᠎ᠠ ᠳᠤ ᠭᠦᠭᠡᠬᠤᠳᠠ  ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 11.4 ᠬᠤᠪᠢ ᠳᠠᠪᠠᠵᠤ᠂ ᠪᠦᠭᠦ ᠣᠷᠣᠨ ᠤ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 4.1 ᠬᠤᠪᠢ ᠳᠠᠪᠠᠨ᠂ ᠪᠦᠭᠦ ᠣᠷᠣᠨ ᠳᠤ ᠳᠥᠷᠪᠡᠳᠦᠭᠡᠷ ᠲᠤ ᠵᠢᠭᠰᠠᠪᠠ᠃      ᠵᠢᠯ ᠤᠨ ᠡᠬᠢᠨ ᠠᠴᠠ ᠨᠠᠭᠠᠰᠢ ᠭᠦᠭᠡᠬᠤᠳᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠪᠦᠲᠦᠮᠵᠢᠳᠠᠢ ᠪᠡᠯᠡ ᠤᠷᠤᠭᠤᠯᠤᠯᠳᠠ  ᠶᠢ ᠢᠳᠡᠪᠬᠢᠲᠡᠢ ᠥᠷᠭᠡᠳᠬᠡᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠱᠠᠯᠠᠪᠳᠠᠭᠤᠯᠤᠨ ᠠᠬᠢᠭᠤᠯᠤᠭᠰᠠᠨ ᠢᠶᠠᠷ  ᠪᠦᠭᠦ ᠬᠤᠳᠠ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠦᠷᠭᠦᠯᠵᠢᠯᠡᠨ ᠨᠡᠮᠡᠭᠳᠡᠬᠦ ᠪᠠᠶᠢᠳᠠᠯ ᠢᠶᠠᠨ ᠪᠠᠲᠤᠯᠠᠵᠠᠢ᠃  ᠡᠭᠦᠨ ᠳᠤ  ᠥᠨᠳᠥᠷ  ᠪᠠᠷᠢᠮᠵᠢᠶᠠᠲᠤ  ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠦᠷᠦᠯ ᠵᠦᠢᠯ ᠤᠨ ᠳᠠᠶᠢᠴᠢᠯᠠᠯᠲᠠ ᠳᠣᠣᠷ᠎ᠠ  ᠲᠦᠷᠦᠭᠦᠦ 7 ᠰᠠᠷ᠎ᠠ ᠳᠤ ᠪᠦᠭᠦ ᠬᠤᠳᠠ ᠶᠢᠨ ᠨᠢᠭᠡᠳᠦᠭᠡᠷ ᠠᠵᠤ ᠦᠢᠯᠡᠰ  ᠲᠠᠬᠢ ᠪᠡᠯᠡ ᠤᠷᠤᠭᠤᠯᠤᠯᠳᠠ 7.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠪᠠᠷ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 33.7 ᠬᠤᠪᠢ ᠳᠠᠪᠠᠪᠠ᠃ ᠲᠦᠷᠦᠭᠦᠦ 7 ᠰᠠᠷ᠎ᠠ ᠳᠤ ᠭᠦᠭᠡᠬᠤᠳᠠ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠤᠷᠤᠭᠤᠯᠤᠯᠳᠠ  ᠲᠠᠢ 176 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠪᠡᠶᠡᠯᠡᠭᠦᠯᠦᠭᠰᠡᠨ ᠪᠡᠯᠡ ᠤᠷᠤᠭᠤᠯᠤᠯᠳᠠ ᠨᠢ ᠪᠦᠭᠦ ᠪᠡᠯᠡ ᠤᠷᠤᠭᠤᠯᠤᠯᠳᠠ ᠶᠢᠨ 55.3%  ᠶᠢ ᠡᠵᠡᠯᠡᠪᠡ᠃ ᠡᠭᠦᠨ ᠤ ᠵᠡᠷᠭᠡ ᠪᠠᠷ  ᠪᠦᠭᠦ ᠬᠤᠳᠠ ᠶᠢᠨ ᠠᠷᠠᠳ ᠤᠨ ᠪᠡᠯᠡ ᠤᠷᠤᠭᠤᠯᠤᠯᠳᠠ 25.2% ᠢᠶᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 33.1 ᠬᠤᠪᠢ ᠲᠦᠷᠭᠡᠰᠴᠦ᠂ ᠠᠮᠢᠵᠢᠷᠠᠯ ᠤᠨ ᠬᠦᠴᠦᠨ ᠨᠡᠮᠡᠭᠳᠡᠵᠡᠢ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠲᠥᠬᠦᠭᠡᠷᠦᠮᠵᠢ ᠪᠠᠨ ᠰᠢᠨᠡᠴᠢᠯᠡᠬᠦ ᠂ ᠳᠤᠯᠠᠭᠠᠯᠠᠭ᠎ᠠ ᠶᠢᠨ ᠢᠨᠵᠧᠨᠧᠷᠢᠩ ᠵᠢᠴᠢ ᠰᠢᠲᠠᠮᠠᠬᠠᠢ ᠬᠡᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠬᠦ ᠶᠢ ᠳᠠᠭᠠᠯᠳᠤᠨ ᠲᠦᠷᠦᠭᠦᠦ 7 ᠰᠠᠷ᠎ᠠ ᠳᠤ ᠪᠦᠭᠦ ᠬᠤᠳᠠ ᠶᠢᠨ ᠠᠵᠤ ᠦᠢᠯᠡᠳᠪᠦᠷᠢ ᠶᠢᠨ ᠮᠡᠷᠭᠡᠵᠢᠯ  ᠤᠨ ᠥᠭᠡᠷᠡᠴᠢᠯᠡᠯᠲᠡ ᠳᠠᠬᠢ  ᠪᠡᠯᠡ ᠤᠷᠤᠭᠤᠯᠤᠯᠳᠠ 2.5 ᠳᠠᠭᠢᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠨᠢᠳᠤᠨᠤᠨ ᠤ ᠠᠳᠠᠯᠢ ᠬᠤᠭᠤᠴᠠᠭᠠᠨ ᠤ ᠬᠢ  ᠠᠴᠠ ᠵᠠᠭᠤᠨ ᠤ ᠬᠠᠷᠢᠴᠠᠯ ᠢᠶᠠᠷ 304.1 ᠬᠤᠪᠢ ᠳᠠᠪᠠᠭᠰᠠᠨ ᠪᠠᠶᠢᠨ᠎ᠠ᠃ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠳᠠ ᠴᠤ ᠨᠡᠯᠢᠶᠡᠳ ᠲᠦᠷᠭᠡᠨ ᠨᠡᠮᠡᠭᠳᠡᠵᠦ᠂ ᠲᠦᠷᠦᠭᠦᠤ 7 ᠰᠠᠷ᠎ᠠ ᠳᠤ  ᠪᠦᠭᠦ ᠬᠤᠳᠠ ᠶᠢᠨ ᠰᠠᠭᠤᠷᠢ ᠲᠥᠬᠦᠭᠡᠷᠦᠮᠵᠢ ᠳᠠᠬᠢ ᠪᠡᠯᠡ ᠤᠷᠤᠭᠤᠯᠤᠯᠳᠠ ᠨᠢ ᠪᠦᠭᠦ ᠪᠡᠯᠡ ᠤᠷᠤᠭᠤᠯᠤᠯᠳᠠ ᠶᠢᠨ 39.9% ᠶᠢ ᠡᠵᠡᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠭᠰᠡᠨ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ