ᠬᠥᠬᠡᠬᠤᠲᠠ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠣᠯᠣᠳᠤᠭᠠᠷ ᠪᠦᠯᠦᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠵᠢᠷᠤᠮᠯᠠᠨ ᠳᠠᠭᠠᠵᠤ ᠳᠡᠯᠭᠡᠷᠡᠭᠦᠯᠬᠦ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/9/23
      ︵ᠰᠤᠷᠪᠤᠯᠵᠢᠯᠠᠭᠴᠢ ᠶᠦᠨ ᠶᠠᠨ ᠹᠠᠩ︶ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢ ᠴᠠᠭ ᠲᠤᠬᠠᠶ ᠳᠤ ᠨᠢ ᠰᠤᠷᠤᠯᠴᠠᠬᠤ ᠶᠢᠨ ᠲᠥᠯᠥᠭᠡ᠂ ᠬᠥᠬᠡᠬᠤᠲᠠ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠣᠯᠣᠳᠤᠭᠠᠷ ᠪᠦᠯᠦᠭ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠵᠢᠷᠤᠮᠯᠠᠨ ᠳᠠᠭᠠᠵᠤ ᠳᠡᠯᠭᠡᠷᠡᠭᠦᠯᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠬᠡᠬᠦ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃      ᠨᠢᠭᠡ ᠳᠤ᠂ ᠡᠯᠧᠺᠲᠷᠤᠨ ᠬᠥᠳᠡᠯᠮᠦᠷᠢ ᠶᠢᠨ ᠭᠡᠷ᠎ᠡ ᠶᠢᠨ ᠮᠡᠳᠡᠭᠡ ᠵᠠᠩᠭᠢ ᠶᠢ ᠬᠡᠷᠡᠭᠯᠡᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠳᠥᠭᠦᠮ ᠳᠥᠲᠡ ᠪᠠᠷ ᠭᠦᠢᠴᠡᠳᠬᠡᠬᠦ ᠶᠢ ᠢᠳᠡᠪᠬᠢᠲᠡᠢ ᠠᠬᠢᠭᠤᠯᠪᠡ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ  ᠰᠢᠯᠢᠳᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ  ᠳᠡᠭᠡᠭᠰᠢᠯᠡᠭᠦᠯᠬᠦ ᠶᠢᠨ ᠲᠤᠰᠠᠳᠠ᠂ ᠬᠥᠬᠡᠬᠤᠲᠠ ᠡᠯᠧᠺᠲᠷᠤᠨ ᠬᠥᠳᠡᠯᠮᠦᠷᠢ ᠶᠢᠨ ᠭᠡᠷ᠎ᠡ ᠶᠢ ᠤᠷᠢᠳᠠᠪᠡᠷ ᠬᠡᠷᠡᠭᠵᠢᠬᠦᠯᠬᠦ ᠲᠤᠷᠰᠢᠯᠲᠠ ᠶᠢᠨ ᠬᠤᠲᠠ ᠪᠠᠷ ᠲᠤᠭᠲᠠᠭᠠᠭᠳᠠᠪᠠ᠃ ︽ᠮᠥᠩᠬᠡ ᠰᠤᠪᠠᠭ︾ App ᠢᠶᠠᠷ ᠳᠠᠮᠵᠢᠭᠤᠯᠤᠨ ᠠᠵᠤ ᠠᠬᠤᠶᠢᠯᠠᠯ ᠪᠠ ᠬᠥᠳᠡᠯᠮᠦᠷᠢᠴᠢᠳ ᠲᠤ ᠰᠦᠢᠳᠭᠡᠯ ᠬᠤᠷᠢᠶᠠᠬᠤ ᠥᠬᠡᠶ ᠡᠯᠧᠺᠲᠷᠤᠨ ᠬᠥᠳᠡᠯᠮᠦᠷᠢ ᠶᠢᠨ ᠭᠡᠷ᠎ᠡ ᠲᠣᠭᠲᠠᠬᠤ ᠦᠢᠯᠡᠴᠢᠯᠡᠭᠡ ᠬᠠᠩᠭᠠᠵᠤ᠂ ᠡᠯᠧᠺᠲᠷᠤᠨ ᠬᠥᠳᠡᠯᠮᠦᠷᠢ ᠶᠢᠨ ᠭᠡᠷ᠎ᠡ ᠬᠦᠴᠦᠨ ᠲᠠᠢ ᠪᠣᠯᠤᠭᠰᠠᠨ ᠤ ᠳᠠᠷᠠᠭ᠎ᠠ᠂ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ᠂ ᠬᠥᠳᠡᠯᠮᠦᠷᠢ ᠠᠵᠢᠯᠴᠢᠨ ᠬᠡᠷᠡᠭᠯᠡᠬᠦ ᠰᠢᠰᠲ᠋ᠧᠮ ᠳᠤ ᠬᠦᠷᠭᠡᠵᠦ᠂ ᠠᠵᠤ ᠠᠬᠤᠶᠢᠯᠠᠯ ᠪᠠ ᠬᠥᠳᠡᠯᠮᠦᠷᠢᠴᠢᠳ ᠤᠨ ᠬᠥᠳᠡᠯᠮᠦᠷᠢ ᠠᠵᠢᠯᠴᠢᠨ ᠬᠡᠷᠡᠭᠯᠡᠬᠦ ᠶᠢ ᠳᠠᠩᠰᠠᠯᠠᠬᠤ ᠂ ᠠᠵᠢᠯ ᠣᠯᠭᠤᠯᠲᠠ ᠠᠵᠢᠯ ᠠᠯᠳᠠᠯᠲᠠ ᠶᠢᠨ ᠳᠡᠩᠰᠡᠯᠡᠯᠲᠡ᠂ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠭᠡᠬᠦ ᠪᠠ ᠣᠯᠭᠤᠮᠵᠢ ᠭᠤᠶᠤᠴᠢᠯᠠᠨ ᠠᠪᠬᠤ ᠵᠡᠷᠭᠡ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠲᠥᠬᠦᠮ ᠳᠦᠳᠡ ᠭᠦᠢᠴᠡᠳᠬᠡᠬᠦ ᠶᠢ ᠳᠡᠮᠵᠢᠨ᠎ᠡ᠃ ᠡᠭᠦᠨ ᠤ ᠬᠠᠮᠲᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠮᠡᠳᠡᠭᠡ ᠵᠠᠩᠬᠢᠴᠢᠯᠠᠭᠰᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠮᠠᠨ ᠤ ᠬᠤᠲᠠ ᠰᠢᠨ᠎ᠡ ᠪᠠᠷ ᠭᠠᠷ ᠤᠨ ᠦᠰᠦᠭ ᠵᠢᠷᠤᠵᠤ᠂ ᠦᠷᠭᠦᠯᠵᠢᠯᠡᠨ ᠭᠡᠷ᠎ᠡ ᠲᠣᠭᠲᠠᠭᠰᠠᠨ ᠡᠯᠧᠺᠲᠷᠤᠨ ᠬᠥᠳᠡᠯᠮᠦᠷᠢ ᠶᠢᠨ ᠭᠡᠷ᠎ᠡ ᠨᠡᠶᠢᠲᠡ 4.1 ᠲᠦᠮᠡᠨ ᠬᠥᠮᠦᠨ ᠬᠦᠷᠴᠡᠢ᠃      ᠬᠤᠶᠠᠷ ᠲᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ ᠢᠳᠡᠪᠬᠢᠲᠡᠶ ᠳᠡᠯᠭᠡᠷᠡᠭᠦᠯᠪᠡ᠃ ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠦᠪᠯᠡᠯ ᠪᠠᠶᠢᠭᠤᠯᠬᠤ ᠶᠢ ᠳᠥᠯᠭᠢᠨ ᠠᠬᠢᠭᠤᠯᠬᠤ ᠶᠢᠨ ᠬᠠᠮᠲᠤ ᠬᠠᠮᠤᠭ ᠤᠨ ᠳᠡᠭᠡᠳᠦ ᠰᠢᠭᠦᠬᠦ ᠬᠤᠷᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠷᠠᠳ ᠤᠨ ᠡᠶᠡᠳᠡᠭᠦᠯᠬᠦ ᠲᠠᠪᠴᠠᠩ ᠳᠤ ᠣᠷᠣᠭᠤᠯᠪᠠ᠃      ᠭᠤᠷᠪᠠ ᠳᠤ᠂ ᠪᠣᠭᠤᠮᠲᠠ ᠶᠢᠨ ᠬᠠᠷᠢᠶ᠎ᠠ ᠭᠠᠵᠠᠷ ᠤᠨ ᠪᠠᠶᠢᠴᠠᠭᠠᠨ ᠰᠢᠯᠭᠠᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠰᠢᠰᠲ᠋ᠧᠮ ᠢ ᠢᠳᠡᠪᠬᠢᠲᠡᠶ ᠳᠡᠯᠭᠡᠷᠡᠭᠦᠯᠪᠡ᠃ ᠰᠠᠶᠢᠬᠠᠨ ᠪᠣᠭᠤᠮᠲᠠ ᠭᠠᠳᠠᠭᠠᠳᠤ ᠳᠤ ᠭᠠᠷᠭᠠᠬᠤ ᠪᠠᠷᠠᠭᠠᠨ ᠤ ᠪᠠᠶᠢᠴᠠᠭᠠᠯᠲᠠ ᠶᠢᠨ ᠰᠢᠯᠭᠠᠨ ᠪᠠᠲᠤᠯᠠᠬᠤ ᠬᠠᠭᠤᠳᠠᠰᠤ ᠶᠢᠨ       ︽ᠡᠭᠦᠯᠡᠨ ᠭᠠᠷ ᠤᠨ ᠥᠰᠥᠭ ᠵᠢᠷᠤᠵᠤ ᠣᠯᠭᠤᠬᠤ︾ ᠲᠠᠪᠴᠠᠩ ᠤᠨ ᠲᠤᠷᠰᠢᠯᠭ᠎ᠠ ᠶᠢ ᠢᠳᠡᠪᠬᠢᠲᠡᠶ ᠳᠡᠯᠭᠡᠷᠡᠭᠦᠯᠵᠦ᠂ ᠣᠲᠣ ᠪᠣᠯᠲᠠᠯ᠎ᠠ᠂ ᠰᠢᠯᠭᠠᠨ ᠪᠠᠶᠢᠴᠠᠭᠠᠬᠤ ᠰᠢᠰᠲ᠋ᠧᠮ ᠨᠢ ᠬᠥᠬᠡᠬᠤᠲᠠ ᠶᠢᠨ 115 ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠳᠤ ︽ᠡᠭᠦᠯᠡᠨ ᠭᠠᠷ ᠤᠨ ᠥᠰᠥᠭ ᠵᠢᠷᠤᠵᠤ ᠣᠯᠭᠤᠬᠤ︾ ᠵᠠᠭᠪᠤᠷ ᠢ ᠬᠡᠷᠡᠭᠯᠡᠨ 3241 ᠬᠤᠪᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠦᠨᠡᠮᠯᠡᠯ ᠭᠠᠷᠭᠠᠵᠤ᠂ ᠠᠵᠢᠯᠯᠠᠭᠠᠨ ᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃      ᠳᠥᠷᠪᠡ ᠳᠤ᠂ ᠦᠢᠯᠡᠳᠬᠦ ᠦᠢᠯᠡᠰ ᠢ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠬᠤ ᠶᠢ ᠢᠳᠡᠪᠬᠢᠲᠡᠶ ᠠᠬᠢᠭᠤᠯᠪᠠ᠃ ᠡᠨᠡ ᠵᠢᠯ ᠬᠥᠬᠡᠬᠤᠲᠠ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠢ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠬᠤ ᠲᠤᠷᠰᠢᠯᠲᠠ ᠶᠢᠨ ᠬᠤᠲᠠ᠂ ᠤᠯᠤᠰ ᠤᠨ ᠳᠤᠮᠳᠠ ᠵᠢᠵᠢᠭ ᠠᠵᠤ ᠠᠬᠤᠢᠯᠠᠯ ᠤᠨ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠬᠤ ᠲᠤᠷᠰᠢᠯᠲᠠ ᠶᠢᠨ ᠬᠤᠲᠠ ᠪᠠᠷ ᠰᠤᠩᠭᠤᠭᠳᠠᠭᠰᠠᠨ ᠢᠶᠠᠷ ᠭᠠᠷᠳᠠᠴᠠ ᠪᠣᠯᠭᠠᠨ᠂ ᠳᠤᠮᠳᠠ ᠵᠢᠵᠢᠭ ᠠᠵᠤ ᠠᠬᠤᠢᠯᠠᠯ ᠤᠨ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠬᠤ ︽ᠵᠢᠵᠢᠭ ᠲᠦᠷᠭᠡᠨ ᠬᠥᠩᠭᠡᠨ ᠣᠨᠣᠪᠴᠢᠲᠠᠢ︾ ᠦᠢᠯᠡᠳᠬᠦᠨ ᠤ ᠬᠥᠮᠥᠷᠭᠡ ᠶᠢ ᠪᠠᠶᠢᠭᠤᠯᠪᠠ᠃ ᠣᠲᠣ ᠪᠣᠯᠲᠠᠯ᠎ᠠ᠂ ᠬᠥᠬᠡᠬᠤᠲᠠ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠴᠢᠯᠠᠯᠲᠠ ᠶᠢ ᠤᠶᠠᠯᠳᠤᠭᠤᠯᠤᠨ ᠤᠯᠤᠰ ᠤᠨ ᠪᠠᠷᠢᠮᠵᠢᠶ᠎ᠠ ᠶᠢ ᠲᠤᠭᠤᠰᠢᠯᠠᠭᠤᠯᠬᠤ ᠠᠵᠤ ᠠᠬᠤᠶᠢᠯᠠᠯ ᠢ105 ᠪᠤᠶᠢᠵᠢᠭᠤᠯᠤᠨ᠂ 5 ᠣᠶᠤᠨᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠨᠡᠶᠢᠲᠡ ᠤᠯᠤᠰ ᠤᠨ ᠲᠠᠰ ᠤᠨ ᠣᠶᠤᠨᠴᠢ ᠦᠢᠯᠡᠳᠪᠦᠷᠢ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠶᠤᠨᠴᠢ ᠦᠢᠯᠡᠳᠪᠦᠷᠢ 6᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ 22 ᠪᠠᠶᠢᠭᠤᠯᠵᠤ᠂ ᠤᠯᠤᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠢᠯᠡᠷᠬᠡᠶᠢᠯᠡᠯ ᠤᠨ ᠵᠠᠳᠠᠯᠤᠯᠲᠠ ᠶᠢᠨ ᠵᠠᠩᠭᠢᠯᠠᠭ᠎ᠠ ᠶᠢᠨ ᠴᠡᠭ ᠪᠠ 10 ᠠᠵᠤ ᠠᠬᠤᠶᠢᠯᠠᠯ ᠤᠨ ᠲᠠᠰ ᠤᠨ ᠵᠠᠩᠭᠢᠯᠠᠭ᠎ᠠ ᠶᠢᠨ ᠴᠡᠭ ᠢ ᠪᠠᠶᠢᠭᠤᠯᠵᠤ᠂ ᠢᠳᠡᠭᠡᠨ ᠪᠣᠯᠪᠠᠰᠤᠷᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ᠂ ᠴᠠᠬᠢᠯᠭᠠᠨ ᠬᠦᠴᠦᠨ ᠤ ᠡᠨᠧᠷᠭᠢ ᠵᠡᠷᠭᠡ ᠬᠦᠷᠢᠶ᠎ᠡ ᠶᠢ ᠬᠠᠮᠤᠷᠴᠤ᠂ ᠨᠡᠶᠢᠲᠡ 2253 ᠠᠵᠤ ᠠᠬᠤᠶᠢᠯᠠᠯ ᠤᠨ ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠢ ᠡᠭᠦᠯᠡᠨ ᠲᠠᠪᠴᠠᠩ ᠳᠤ ᠭᠠᠷᠭᠠᠬᠤ ᠪᠠ ᠲᠦᠬᠦᠭᠡᠷᠤᠮᠵᠢ ᠶᠢᠨ ᠡᠭᠦᠯᠡᠨ ᠲᠠᠪᠴᠠᠩ ᠳᠤ ᠭᠠᠷᠭᠠᠬᠤ ᠶᠢ ᠠᠬᠢᠭᠤᠯᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠵᠤ᠂ ᠲᠡᠷᠢᠭᠦᠨ ᠤ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠵᠢᠷᠤᠮᠯᠠᠨ ᠳᠠᠭᠠᠵᠤ ᠳᠡᠯᠭᠡᠷᠡᠭᠦᠯᠬᠦ ᠶᠢ ᠦᠷᠭᠦᠯᠵᠢᠯᠡᠨ ᠠᠬᠢᠭᠤᠯᠵᠤ᠂ ︽ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠭᠤᠶᠤᠴᠢᠯᠠᠨ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠤᠨ᠎ᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ