ᠤᠯᠤᠰ ᠭᠡᠷ ᠬᠠᠮᠲᠤᠷᠠᠨ ᠪᠡᠯᠡᠭᠯᠡᠵᠦ  ᠵᠣᠯ ᠵᠢᠷᠭᠠᠯ ᠢᠶᠠᠨ ᠭᠡᠷᠡᠴᠢᠯᠡᠶ᠎ᠡ
ᠨᠡᠶᠢᠲᠡᠯᠡᠭᠰᠡᠨ ᠴᠠᠭ᠄
2024/9/23
09230201.jpg    
09230202.jpg     
      9 ᠳ᠋ᠦ᠋ᠭᠡᠷ ᠰᠠᠷ᠎ᠠ ᠶᠢᠨ 22 ᠤᠨ ᠡᠳᠦᠷ᠂ ︽ᠤᠯᠤᠰ ᠭᠡᠷ ᠬᠠᠮᠲᠤᠷᠠᠨ ᠪᠡᠯᠡᠭᠯᠡᠵᠦ  ᠵᠣᠯ ᠵᠢᠷᠭᠠᠯ ᠢᠶᠠᠨ ᠭᠡᠷᠡᠴᠢᠯᠡᠶ᠎ᠡ︾ ᠭᠡᠬᠦ 2024 ᠣᠨ ᠤ ᠪᠦᠬᠦ ᠤᠯᠤᠰ ᠤᠨ ᠲᠦᠮᠡᠨ ᠬᠥᠮᠦᠨ ᠤ ᠬᠠᠮᠲᠤ ᠶᠢᠨ ᠬᠤᠷᠢᠮ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠠᠵᠢᠯᠯᠠᠭ᠎ᠠ ᠴᠡᠯᠡᠭᠡᠷ ᠲᠠᠯ᠎ᠠ ᠶᠢᠨ ᠮᠢᠩᠭᠠᠨ ᠬᠥᠮᠦᠨ ᠤ ᠬᠤᠷᠠᠯ ᠤᠨ ᠲᠥᠪ ᠲᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠶᠢᠨ 300 ᠬᠤᠤᠰ ᠰᠢᠨ᠎ᠡ ᠬᠥᠮᠦᠨ ᠭᠠᠷ ᠬᠤᠯᠪᠣᠨ ᠶᠣᠰᠣᠯᠠᠯ ᠤᠨ ᠲᠠᠩᠬᠢᠮ ᠳᠤ ᠠᠯᠬᠤᠨ ᠤᠷᠤᠬᠤ ᠳᠤ᠂ ᠨᠢᠭᠤᠷ ᠴᠢᠷᠠᠶ ᠨᠢ ᠪᠠᠶᠠᠷ ᠪᠠᠭ᠋ᠠᠳᠤᠯ ᠢᠶᠠᠷ ᠪᠢᠯᠬᠠᠨ᠎ᠠ᠃ ᠲᠤᠰ ᠤᠳᠠᠭᠠᠨ ᠤ ᠬᠠᠮᠲᠤ ᠶᠢᠨ ᠬᠤᠷᠢᠮ ᠤᠨ ᠶᠣᠰᠣᠯᠠᠯ ᠨᠢ ᠬᠡᠪ ᠵᠠᠩᠰᠢᠯ ᠢ ᠥᠭᠡᠷᠡᠴᠢᠯᠡᠬᠦ᠂ ᠤᠷᠤᠭ ᠤᠨ ᠶᠠᠪᠤᠳᠠᠯ ᠢ ᠰᠢᠨ᠎ᠡ ᠪᠠᠷ ᠳᠦᠭᠦᠮ ᠡᠷᠬᠢᠯᠡᠬᠦ ᠶᠢ ᠶᠡᠬᠡᠪᠡᠷ ᠰᠠᠨᠠᠭᠠᠴᠢᠯᠠᠵᠤ᠂ ᠥᠨᠳᠥᠷ ᠪᠤᠭᠲᠤᠯᠠᠬᠤ ᠪᠡᠯᠡᠭ᠂ ᠶᠡᠭᠡ ᠪᠠᠷ ᠪᠡᠯᠡᠳᠭᠡᠵᠦ ᠶᠡᠭᠡ ᠪᠠᠷ ᠬᠢᠬᠦ ᠶᠢ ᠡᠰᠡᠷᠭᠦᠴᠡᠵᠦ᠂ ᠰᠢᠨ᠎ᠡ ᠮᠠᠶ᠋ᠢᠭ ᠤᠨ ᠤᠷᠤᠭᠯᠠᠵᠤ ᠬᠥᠩᠭᠡᠵᠢᠬᠦ ᠰᠣᠶᠣᠯ ᠢ ᠤᠯᠠᠮ ᠨᠢᠭᠡ ᠠᠯᠬᠤᠮ ᠰᠠᠨᠠᠭᠠᠴᠢᠯᠠᠵᠤ᠂ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ ᠶᠤᠮ᠃    ᠰᠣᠷᠪᠤᠯᠵᠢᠯᠠᠭᠴᠢ ᠯᠢᠦ ᠴᠢᠩ ᠢᠤᠢ ᠰᠡᠭᠦᠲᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ