︽ᠵᠢᠷᠭᠤᠭᠠᠨ ᠨᠢᠭᠡ︾ ᠠᠵᠢᠯ ᠤᠨ ᠲᠣᠭᠲᠠᠴᠠ ᠭᠡᠳᠡᠭ ᠨᠢ ᠳᠠᠷᠤᠢ ᠦᠵᠦ ᠲᠥᠯᠥᠪᠯᠡᠭᠡ ᠶᠢᠨ ᠲᠥᠰᠦᠯ ᠢ ᠨᠢᠭᠡ ᠳᠠᠷᠤᠮᠠᠯᠯᠠᠨ ᠲᠠᠷᠬᠠᠭᠠᠬᠤ᠂ | ᠵᠢᠯᠣᠭᠤᠳᠬᠤ ᠭᠠᠵᠠᠷ ᠢ ᠨᠢᠭᠡ ᠪᠠᠶᠢᠭᠤᠯᠬᠤ᠂ ᠲᠤᠰᠬᠠᠶ ᠮᠡᠷᠭᠡᠵᠢᠯᠲᠡᠨ ᠤ ᠺᠣᠮᠢᠰ ᠢ ᠨᠢᠭᠡ ᠵᠣᠬᠢᠶᠠᠨ ᠪᠠᠶᠢᠭᠤᠯᠬᠤ᠂ ᠵᠠᠰᠠᠭ ᠵᠠᠬᠢᠷᠭᠠᠨ ᠤ ᠪᠠᠶᠢᠭᠤᠯᠤᠮᠵᠢ ᠶᠢ ᠨᠢᠭᠡ | ᠪᠠᠶᠢᠭᠤᠯᠬᠤ᠂ ᠪᠦᠬᠦ ᠪᠡᠯᠡ ᠮᠥᠩᠭᠦ ᠶᠢ ᠤᠯᠤᠰ ᠠᠴᠠ ᠭᠠᠷᠭᠠᠭᠰᠠᠨ ᠤᠯᠤᠰ ᠤᠨ ᠥᠮᠴᠢᠯᠡᠯᠲᠦ ᠺᠣᠮᠫᠠᠨᠢ ᠶᠢ ᠨᠢᠭᠡ ᠡᠭᠦᠳᠦᠨ ᠪᠠᠶᠢᠭᠤᠯᠬᠤ᠂ ᠵᠢᠯ ᠪᠦᠷᠢ 2 | ᠳ᠋ᠦᠩᠰᠢᠭᠤᠷ ᠲᠥᠭᠦᠷᠢᠭ ᠤᠨ ᠲᠤᠰᠬᠠᠶ ᠪᠡᠯᠡ ᠮᠥᠩᠭᠦ ᠶᠢ ᠲᠣᠬᠢᠷᠠᠭᠤᠯᠵᠤ᠂ ᠳ᠋ᠢᠭᠢᠲᠴᠢᠯᠠᠯᠲᠠ ᠳᠤ ᠵᠣᠬᠢᠴᠠᠭᠰᠠᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠠᠬᠢᠭᠤᠯᠬᠤ ᠶᠢ ᠬᠡᠯᠡᠵᠦ ᠪᠣᠢ᠃ ᠣᠳᠣᠬᠠᠨ ᠳᠤ᠂ ᠬᠤᠲᠠ ᠶᠢᠨ ᠲᠠᠷᠢᠬᠢ ᠶᠢ ᠪᠥᠬᠦ ᠬᠤᠲᠠ ᠶᠢᠨ 109 ᠰᠠᠯᠠᠭ᠎ᠠ ᠮᠥᠴᠢᠷ᠂ 343 | ᠰᠢᠰᠲ᠋ᠧᠮ ᠳᠤ ᠵᠠᠯᠭᠠᠭᠰᠠᠨ ᠤ ᠬᠠᠮᠲᠤ᠂ ᠪᠥᠬᠦ ᠬᠤᠲᠠ ᠶᠢᠨ ᠡᠯ᠎ᠡ ᠲᠠᠰ ᠳᠠᠪᠬᠤᠷᠭ᠎ᠠ᠂ ᠡᠯ᠎ᠡ ᠰᠠᠯᠠᠭ᠎ᠠ ᠮᠥᠴᠢᠷ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠵᠦ | ᠰᠣᠯᠢᠯᠴᠠᠬᠤ ᠲᠣᠭᠲᠠᠯᠴᠠᠭ᠎ᠠ ᠶᠢ ᠪᠠᠶᠢᠭᠤᠯᠵᠤ᠂ ᠨᠡᠶᠢᠲᠡ ᠬᠤᠷᠠᠮᠳᠤᠭᠤᠯᠤᠭᠰᠠᠨ ᠳ᠋ᠠᠶᠢᠲ᠋ᠠ ᠶᠢᠨ ᠶᠡᠷᠦᠩᠬᠡᠢ ᠬᠡᠮᠵᠢᠶ᠎ᠡ 52.6 ᠳ᠋ᠦᠩᠰᠢᠭᠤᠷ ᠵᠤᠷᠪᠤᠰ ᠪᠣᠯᠵᠤ᠂ | 27.9 ᠳ᠋ᠦᠩᠰᠢᠭᠤᠷ ᠵᠤᠷᠪᠤᠰ ᠳ᠋ᠠᠶᠢᠲ᠋ᠠ ᠶᠢ ᠬᠠᠮᠲᠤ ᠡᠳ᠋ᠯᠡᠵᠦ ᠪᠣᠯᠣᠨ᠎ᠠ᠂ ᠰᠠᠯᠠᠭ᠎ᠠ ᠮᠥᠴᠢᠷ ᠤᠨ ᠬᠥᠮᠥᠷᠭᠡ ᠶᠢ 31᠂ ᠰᠠᠭᠤᠷᠢ ᠬᠥᠮᠥᠷᠭᠡ ᠶᠢ 4᠂ ᠲᠤᠰᠬᠠᠶ | ᠰᠡᠳᠦᠪᠲᠦ ᠬᠥᠮᠥᠷᠭᠡ ᠶᠢ 5᠂ ᠥᠨᠳᠥᠷ ᠪᠠᠷᠢᠮᠵᠢᠶᠠᠲᠤ ᠳ᠋ᠠᠶᠢᠲ᠋ᠠ ᠶᠢᠨ ᠴᠤᠭᠯᠠᠷᠠᠯ ᠢ 4 ᠪᠦᠷᠢᠯᠳᠦᠭᠦᠯᠵᠦ ᠂ ᠳ᠋ᠠᠶᠢᠲ᠋ᠠ ᠶᠢᠨ ᠵᠠᠯᠭᠠᠪᠤᠷᠢ ᠶᠢ 723 ᠨᠡᠭᠡᠭᠡᠵᠦ᠂ | 5200 ᠭᠠᠷᠤᠶ ᠲᠦᠮᠡ ᠤᠳᠠᠭ᠎ᠠ ᠰᠢᠯᠵᠢᠭᠦᠯᠦᠨ ᠬᠡᠷᠡᠭᠯᠡᠪᠡ᠃ |