ᠭᠦᠭᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ | ᠭᠦᠭᠡᠬᠤᠲᠠ︽ᠳᠤᠯᠠᠭᠠᠯᠠᠭ᠎ᠠ ᠶᠢᠨ ᠢᠨᠵᠧᠨᠧᠷᠢᠩ︾ ᠢ ᠪᠦᠭᠦ ᠬᠤᠲᠠ ᠶᠢᠨ ᠴᠢᠬᠤᠯᠠ ᠠᠵᠢᠯ ᠪᠣᠯᠭᠠᠨ ᠠᠳᠬᠤᠵᠤ᠂ 42.74 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠨ᠂ ︽ᠳᠤᠯᠠᠭᠠᠯᠠᠭ᠎ᠠ ᠶᠢᠨ ᠢᠨᠵᠧᠨᠧᠷᠢᠩ︾ ᠤᠨ 62 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠢᠯᠴᠢ ᠡᠭᠦᠰᠬᠡᠭᠴᠢ᠂ ᠢᠯᠴᠢ | ᠬᠠᠩᠭᠠᠬᠤ ᠲᠣᠣᠷ᠂ ᠢᠯᠴᠢ ᠬᠡᠷᠡᠭᠯᠡᠬᠦ ᠡᠷᠦᠭᠡ ᠶᠢᠨ ᠲᠠᠯ᠎ᠠ ᠪᠠᠷ ᠬᠠᠮᠲᠤ ᠳᠤᠨᠢ ᠬᠦᠴᠦᠯᠡᠨ᠂ ᠡᠪᠦᠯ ᠤᠨ ᠤᠯᠠᠷᠢᠯ ᠤᠨ ᠢᠯᠴᠢ ᠬᠠᠩᠭᠠᠬᠤ ᠶᠠᠰᠤ ᠴᠢᠨᠠᠷ ᠢ ᠪᠦᠭᠦ | ᠲᠠᠯ᠎ᠠ ᠪᠠᠷ ᠰᠠᠶᠢᠵᠢᠷᠠᠭᠤᠯᠬᠤ ᠪᠠᠷ ᠴᠢᠷᠮᠠᠶᠢᠵᠤ ᠪᠠᠶᠢᠨ᠎ᠠ᠃ ᠡᠭᠦᠨ ᠳᠤ ᠬᠤᠶᠠᠳᠤᠭᠠᠷ ᠳᠡᠰ ᠤᠨ ᠬᠤᠭᠤᠯᠠᠢ ᠲᠣᠣᠷ ᠢ ᠥᠭᠡᠷᠡᠴᠢᠯᠡᠨ ᠰᠢᠨᠡᠳᠬᠡᠬᠦ ᠲᠦᠷᠦᠯ ᠵᠦᠢᠯ | ᠨᠢ 1333 ᠰᠠᠭᠤᠭᠠᠯᠢ ᠠᠷᠠᠳ ᠤᠨ ᠲᠣᠭᠤᠷᠢᠭ ᠢ ᠬᠠᠮᠤᠷᠴᠤ᠂ ᠣᠳᠣᠬᠠᠨ ᠳᠤ ᠥᠭᠡᠷᠡᠴᠢᠯᠡᠨ ᠰᠢᠨᠡᠳᠬᠡᠬᠦ ᠠᠬᠢᠴᠠ ᠨᠢ ᠨᠢᠭᠡᠨᠲᠡ 84% ᠳᠤ ᠬᠦᠷᠴᠦ᠂ | ᠦᠯᠡᠳᠡᠭᠰᠡᠨ ᠪᠦᠭᠦ ᠢᠨᠵᠧᠨᠧᠷᠢᠩ ᠢ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠭᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | ᠣᠶᠢᠷ᠎ᠠ ᠶᠢᠨ ᠬᠤᠭᠤᠴᠠᠭᠠᠨ ᠳᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠲᠥᠪᠯᠡᠷᠡᠭᠦᠯᠦᠨ ᠶᠠᠪᠤᠭᠳᠠᠭᠤᠯᠵᠤ ᠪᠠᠶᠢᠬᠤ ᠨᠢ ᠵᠠᠮ ᠨᠡᠪᠲᠡᠷᠡᠯᠭᠡ ᠶᠢ | ᠨᠥᠯᠥᠭᠡᠯᠡᠵᠦ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠭᠦᠭᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ | ᠶᠢᠨ ᠬᠠᠮᠢᠶᠠᠷᠤᠯᠲᠠ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠰᠠᠯᠠᠭ᠎ᠠ ᠮᠥᠴᠢᠷ ᠤᠨ ᠬᠢᠨ ᠡᠳᠦᠷ ᠪᠦᠷᠢ ᠲᠤᠬᠠᠢ ᠶᠢᠨ ᠲᠠᠯᠠᠪᠠᠶ ᠳᠤ ᠬᠢᠨᠠᠨ ᠵᠢᠯᠤᠭᠤᠳᠴᠤ᠂ | ᠪᠠᠷᠢᠯᠭ᠎ᠠ ᠶᠢᠨ ᠠᠵᠢᠯᠴᠢᠨ ᠪᠠ ᠮᠠᠰᠢᠨ ᠪᠠᠭᠠᠵᠢ ᠨᠡᠮᠡᠭᠳᠡᠭᠦᠯᠬᠦ ᠶᠢᠨ ᠬᠠᠮᠲᠤ ᠪᠠᠷᠢᠯᠭ᠎ᠠ ᠶᠢᠨ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠨ᠂ ᠪᠠᠷᠢᠯᠭ᠎ᠠ ᠶᠢᠨ ᠠᠵᠢᠯ | ᠤᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠪᠠᠷᠢᠯᠭ᠎ᠠ ᠶᠢᠨ ᠠᠵᠢᠯ ᠤᠨ ᠶᠠᠪᠤᠴᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠬᠢᠷᠠᠭᠤᠯᠤᠨ᠂ ᠵᠠᠮ | ᠬᠠᠷᠢᠯᠴᠠᠭᠠᠨ ᠤ ᠳᠠᠷᠤᠭᠠᠰᠤ ᠶᠡᠭᠡ ᠵᠠᠮ ᠤᠨ ᠬᠡᠰᠡᠭ ᠲᠤ 24 ᠴᠠᠭ ᠢᠶᠠᠷ ᠪᠠᠷᠢᠯᠭ᠎ᠠ ᠶᠢᠨ ᠠᠵᠢᠯ ᠢ ᠶᠠᠪᠤᠭᠳᠠᠭᠤᠯᠵᠤ᠂ ᠰᠤᠷᠭᠠᠭᠤᠯᠢ ᠶᠢᠨ ᠵᠠᠮ ᠤᠨ ᠬᠡᠰᠡᠭ ᠤᠨ | ᠥᠭᠡᠷᠡᠴᠢᠯᠡᠯᠲᠡ ᠶᠢ ᠤᠷᠢᠳᠠᠪᠠᠷ ᠪᠡᠶᠡᠯᠡᠭᠦᠯᠵᠦ ᠪᠠᠶᠢᠨ᠎ᠠ᠃ ᠡᠭᠦᠨ ᠤ ᠬᠠᠮᠲᠤ᠂ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠶᠢᠨ ᠠᠵᠢᠯ ᠶᠠᠪᠤᠭᠳᠠᠭᠤᠯᠬᠤ | ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠡᠷᠭᠢᠨ ᠲᠣᠭᠤᠷᠢᠨ ᠵᠡᠷᠭᠡ ᠣᠨᠴᠠᠭᠠᠶ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠴᠠᠭᠳᠠᠭ᠎ᠠ ᠲᠠᠢ | ᠵᠣᠬᠢᠴᠠᠭᠤᠯᠭ᠎ᠠ ᠪᠠᠨ ᠴᠢᠩᠭᠠᠳᠬᠠᠵᠤ ᠲᠤᠬᠠᠢ ᠶᠢᠨ ᠭᠠᠵᠠᠷ ᠲᠤᠨᠢ ᠵᠢᠯᠣᠭᠤᠳᠤᠯᠭ᠎ᠠ ᠬᠢᠬᠦ ᠬᠡᠷᠡᠭᠲᠡᠢ ᠭᠡᠵᠦ ᠱᠠᠯᠠᠪᠳᠠᠭᠤᠯᠤᠨ ᠱᠠᠭᠠᠷᠳᠠᠵᠤ ᠪᠠᠶᠢᠨ᠎ᠠ᠃ | |