ᠣᠶᠢᠷ᠎ᠠ ᠶᠢᠨ ᠵᠢᠯ ᠠᠴᠠ ᠨᠠᠭᠠᠰᠢ᠂ ᠭᠦᠭᠡᠬᠤᠳᠡ ᠶᠢᠨ ᠡᠳ᠋ ᠤᠨ ᠵᠠᠰᠠᠭ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ | ᠲᠣᠭᠤᠷᠢᠨ ᠳᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠲᠣᠭᠠᠴᠢᠯᠠᠭᠰᠠᠨ ᠠᠵᠤ ᠦᠢᠯᠡᠰ ᠤᠨ ᠣᠶᠤᠨᠴᠢᠯᠠᠭᠰᠠᠨ᠂ ᠪᠣᠬᠢᠷᠳᠤᠯ ᠦᠭᠡᠢ ᠭᠡᠯᠪᠡᠷᠢ ᠪᠠᠨ ᠬᠤᠪᠢᠷᠠᠭᠤᠯᠬᠤ ᠳᠤ ᠬᠦᠴᠦᠨ | ᠨᠡᠮᠡᠷᠢᠯᠡᠵᠦ ᠪᠠᠶᠢᠨ᠎ᠠ᠃ | 2021 ᠣᠨ ᠠᠴᠠ ᠣᠲᠣ ᠪᠤᠯᠲᠠᠯ᠎ᠠ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠠᠴᠠ 35564.64 ᠲᠦᠮᠡᠨ ᠲᠥᠭᠦᠷᠢᠭ | ᠲᠣᠬᠢᠷᠠᠭᠤᠯᠬᠤ ᠶᠢᠨ ᠬᠠᠮᠲᠤ ᠪᠠᠭᠤᠯᠭᠠᠵᠤ᠂ ᠭᠤᠣᠯᠳᠠᠭᠤ ᠠᠵᠤ ᠦᠢᠯᠡᠰ ᠤᠨ ᠲᠠᠰ ᠳᠡᠪᠰᠢᠬᠦ᠂ ᠠᠵᠤ ᠠᠬᠤᠶᠢᠯᠠᠯ ᠤᠨ ᠲᠣᠭᠠᠴᠢᠯᠠᠭᠰᠠᠨ ᠭᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ᠂ ᠲᠣᠭᠠᠴᠢᠯᠠᠭᠰᠠᠨ ᠦᠢᠯᠡᠴᠢᠯᠡᠭᠡᠨ ᠤ ᠨᠡᠶᠢᠭᠡᠮ ᠤᠨ ᠵᠠᠰᠠᠯᠲᠠ᠂ ᠡᠭᠦᠯᠡᠨ | ᠪᠣᠳᠣᠯᠲᠠ ᠶᠢᠨ ᠲᠥᠪ ᠪᠠ ᠬᠤᠲᠠ ᠶᠢᠨ ᠵᠠᠰᠠᠯᠲᠠ ᠶᠢ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢ ᠶᠢᠨ ᠲᠠᠪᠴᠠᠩ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠤᠰᠬᠠᠢ ᠵᠠᠷᠤᠳᠠᠯ ᠳᠤ ᠬᠡᠷᠡᠭᠯᠡᠪᠡ᠃ ᠡᠭᠦᠨ ᠳᠤ 2024 ᠣᠨ ᠤ 6 ᠰᠠᠷ᠎ᠠ ᠳᠤ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ | ᠲᠥᠰᠥᠪ ᠠᠴᠠ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠵᠠᠷᠤᠳᠠᠯ 5100.8 ᠲᠦᠮᠡᠨ ᠲᠥᠭᠦᠷᠢᠭ ᠲᠣᠬᠢᠷᠠᠭᠤᠯᠬᠤ ᠶᠢᠨ ᠬᠠᠮᠲᠤ | ᠪᠠᠭᠤᠯᠭᠠᠵᠤ᠂ ᠭᠤᠣᠯᠳᠠᠭᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶᠤᠨᠴᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠣᠶᠤᠨᠴᠢ ᠣᠶ ᠰᠢᠭᠤᠢ ᠨᠤᠲᠤᠭ ᠪᠡᠯᠴᠢᠭᠡᠷ ᠤᠨ ᠠᠮᠢ | ᠠᠬᠤᠢ ᠪᠠ ᠬᠤᠲᠠ ᠲᠣᠭᠤᠷᠢᠭ ᠤᠨ ᠦᠷ᠎ᠡ ᠡᠳ᠋ ᠤᠨ ᠪᠠᠶᠢᠭᠠᠯᠢ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠨ ᠵᠠᠷᠤᠳᠠᠯ ᠳᠤ | ᠬᠡᠷᠡᠭᠯᠡᠭᠦᠯᠵᠦ ᠪᠠᠶᠢᠨ᠎ᠠ᠃ | ᠨᠡᠶᠢᠭᠡᠮ ᠤᠨ ᠬᠥᠷᠥᠩᠭᠡ ᠶᠢᠨ ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠳᠤ ᠪᠡᠯᠡ ᠣᠷᠣᠭᠤᠯᠬᠤ ᠶᠢ ᠬᠥᠲᠥᠯᠥᠨ ᠵᠢᠯᠤᠭᠤᠳᠴᠤ᠂ 2021 | ᠣᠨ ᠠᠴᠠ ᠨᠠᠭᠠᠰᠢ᠂ ᠣᠷᠣᠨ ᠤ ᠲᠥᠪ ᠤᠨ ᠡᠳ᠋ ᠤᠨ ᠵᠠᠰᠠᠭ ᠠᠴᠠ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ 58 | ᠲᠥᠷᠥᠯ ᠵᠦᠢᠯ ᠢ ᠳᠡᠮᠵᠢᠵᠦ᠂ 14324 ᠲᠦᠮᠡᠨ ᠲᠥᠭᠦᠷᠢᠭ ᠤᠨ ᠵᠠᠷᠤᠳᠠᠯ ᠵᠠᠷᠤᠴᠠᠭᠤᠯᠵᠤ᠂ ᠨᠡᠶᠢᠭᠡᠮ ᠤᠨ ᠪᠡᠯᠡ ᠣᠷᠣᠭᠤᠯᠤᠯᠲᠠ ᠶᠢ 35364.35 | ᠲᠦᠮᠡᠨ ᠲᠥᠭᠦᠷᠢᠭ ᠬᠥᠲᠥᠯᠥᠨ ᠵᠢᠯᠣᠭᠤᠳᠪᠠ; ᠡᠯᠧᠺᠲᠷᠣᠨ ᠮᠡᠳᠡᠭᠡ ᠵᠠᠩᠭᠢ ᠶᠢᠨ ᠬᠦᠷᠢᠶᠡᠨ ᠳᠠᠬᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠬᠠᠮᠲᠤᠷᠠᠯᠴᠠᠭᠠᠨ ᠤ 21 ᠲᠥᠷᠥᠯ ᠵᠦᠢᠯ ᠢ ᠳᠡᠮᠵᠢᠵᠦ᠂ 1190 ᠲᠦᠮᠡᠨ ᠲᠥᠭᠦᠷᠢᠭ ᠤᠨ ᠵᠠᠷᠤᠳᠠᠯ ᠢ ᠳᠡᠮᠵᠢᠵᠦ᠂ ᠨᠡᠶᠢᠭᠡᠮ ᠤᠨ ᠪᠡᠯᠡ | ᠣᠷᠣᠭᠤᠯᠤᠯᠲᠠ ᠶᠢ 5699.35ᠲᠦᠮᠡᠨ ᠲᠥᠭᠦᠷᠢᠭ ᠬᠥᠲᠥᠯᠥᠨ ᠵᠢᠯᠣᠭᠤᠳᠪᠠ;ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠲᠤᠰᠬᠠᠢ ᠲᠥᠷᠥᠯ ᠪᠠ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ 18 ᠲᠥᠷᠥᠯ ᠵᠦᠢᠯ ᠢ ᠵᠥᠪᠰᠢᠶᠡᠷᠡᠵᠦ᠂ 1674 | ᠲᠦᠮᠡᠨ ᠲᠥᠭᠦᠷᠢᠭ ᠤᠨ ᠵᠠᠷᠤᠳᠠᠯ ᠲᠣᠬᠢᠷᠠᠭᠤᠯᠵᠤ᠂ ᠨᠡᠶᠢᠭᠡᠮ ᠤᠨ ᠪᠡᠯᠡ ᠣᠷᠣᠭᠤᠯᠤᠯᠲᠠ ᠶᠢ 4649 ᠲᠦᠮᠡᠨ ᠲᠥᠭᠦᠷᠢᠭ ᠵᠢᠯᠣᠭᠤᠳᠪᠠ᠃︽ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠲᠤᠰᠬᠠᠢ ᠲᠥᠷᠦᠯ ᠵᠦᠢᠯ 19᠂ ᠥᠪᠡᠷᠲᠡᠭᠡᠨ ᠵᠠᠰᠠᠬᠤ ᠣᠷᠣᠨ ᠠᠴᠠ | 7355ᠲᠦᠮᠡᠨ ᠲᠥᠭᠦᠷᠢᠭ ᠤᠨ ᠵᠠᠷᠤᠳᠠᠯ ᠢ ᠲᠡᠮᠵᠢᠵᠤ᠂ ᠬᠤᠲᠠ ᠶᠢᠨ ᠲᠣᠰ ᠱᠠᠲᠤᠨ ᠠᠴᠠ ᠢᠵᠢ ᠪᠦᠷᠢᠳᠦᠭᠦᠯᠬᠦ ᠵᠠᠷᠤᠳᠠᠯ 4105 ᠲᠦᠮᠡᠨ ᠲᠥᠭᠦᠷᠢᠭ᠂ | ᠨᠡᠶᠢᠭᠡᠮ ᠢ ᠬᠥᠲᠥᠯᠥᠨ ᠵᠢᠯᠤᠭᠤᠳᠴᠤ 25016 ᠲᠦᠮᠡᠨ ᠲᠥᠭᠦᠷᠢᠭ ᠣᠷᠣᠭᠤᠯᠵᠠᠢ; ᠭᠦᠭᠡᠬᠤᠲᠠ ᠲᠣᠮᠣ ᠳ᠋ᠠᠶᠢᠲ᠋ᠠ ᠶᠢᠨ ᠠᠵᠤ ᠦᠢᠯᠡᠰ ᠤᠨ ᠲᠥᠷᠥᠯ | ᠵᠦᠢᠯ ᠢ 30 ᠬᠡᠷᠡᠭᠵᠢᠭᠦᠯᠵᠦ᠂ ᠳᠤᠮᠳᠠᠳᠤ ᠤᠯᠤᠰ ᠤᠨ ᠰᠢᠯᠵᠢᠮᠡᠯ ᠬᠤᠯᠪᠤᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠤᠭ᠎ᠠ᠂ ᠳᠤᠮᠳᠠᠳᠤ ᠤᠯᠤᠰ ᠤᠨ | ᠴᠠᠭᠢᠯᠭᠠᠨ ᠬᠤᠯᠪᠤᠭ᠎ᠠ ᠶᠢᠨ ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠤ ᠳ᠋ᠠᠶᠢᠲ᠋ᠠ ᠶᠢᠨ ᠲᠥᠪ ᠵᠢᠴᠢ ᠬᠤᠸᠠ ᠸᠧᠢ ᠶᠦᠨ᠂ ᠠᠷᠠᠳ ᠤᠨ ᠪᠠᠩᠬᠢ᠂ | ᠲᠠᠷᠢᠶᠠᠯᠠᠩ ᠤᠨ ᠪᠠᠩᠬᠢ ᠵᠡᠷᠭᠡ ᠬᠠᠮᠢᠶ᠎ᠠ ᠪᠦᠬᠦᠢ ᠲᠥᠷᠥᠯ ᠵᠦᠢᠯ ᠢ ᠪᠠᠭᠲᠠᠭᠠᠵᠤ᠂ ᠶᠡᠷᠦᠩᠬᠡᠢ ᠪᠡᠯᠡ ᠣᠷᠣᠭᠤᠯᠤᠯᠲᠠ ᠨᠢ 685.56 ᠳ᠋ᠦᠩᠰᠢᠭᠤᠷ | ᠲᠥᠭᠦᠷᠢᠭ ᠲᠤ ᠬᠦᠷᠴᠦ᠂ ᠣᠨ ᠤ ᠪᠡᠯᠡ ᠣᠷᠣᠭᠤᠯᠤᠯᠲᠠ ᠨᠢ 54.29 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡᠨᠲᠡ 55.82 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦᠯᠢ ᠴᠣᠭᠴᠠ ᠶᠢᠨ ᠪᠡᠯᠡ ᠣᠷᠣᠭᠤᠯᠤᠯᠲᠠ ᠶᠢ ᠳᠠᠪᠠᠭᠤᠯᠤᠨ ᠪᠡᠶᠡᠯᠡᠭᠦᠯᠪᠡ᠃ | |