ᠭᠦᠭᠡᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠤ 7 ᠰᠠᠷ᠎ᠠ | ᠳᠤ ᠭᠦᠭᠡᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 10.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 4.3 ᠬᠤᠪᠢ | ᠳᠠᠪᠠᠵᠤ᠂ ᠪᠦᠭᠦ ᠣᠷᠣᠨ ᠤ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 2.5 ᠬᠤᠪᠢ ᠳᠠᠪᠠᠪᠠ᠃ | 1 - 7 ᠰᠠᠷ᠎ᠠ ᠳᠤ᠂ ᠭᠦᠭᠡᠬᠤᠳᠠ ᠶᠢᠨ ᠭᠤᠣᠯᠳᠠᠯᠭ᠎ᠠ ᠲᠠᠢ ᠠᠵᠢᠯ ᠲᠦᠷᠦᠯ ᠤᠨ ᠨᠡᠮᠡᠭᠳᠡᠯ ᠦᠷᠳᠡᠭ ᠮᠡᠳᠡᠭᠳᠡᠮ᠎ᠡ ᠨᠡᠮᠡᠭᠳᠡᠵᠡᠢ᠃ ᠡᠭᠦᠨ ᠳᠤ ᠬᠢᠮᠢ ᠶᠢᠨ | ᠲᠦᠭᠦᠬᠡᠢ ᠡᠳ᠋ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 34% ᠪᠠᠷ | ᠨᠡᠮᠡᠭᠳᠡᠵᠦ᠂ ᠢᠳᠡᠭᠡᠨ ᠤ ᠵᠦᠢᠯ ᠪᠤᠯᠪᠠᠰᠤᠷᠠᠭᠤᠯᠬᠤ ᠦᠢᠯᠡᠰ ᠤᠨ ᠨᠡᠮᠡᠭᠳᠡᠯ ᠦᠷᠳᠡᠭ 14.2% ᠢᠶᠠᠷ ᠨᠡᠮᠡᠭᠳᠡᠨ᠂ ᠴᠢᠯᠠᠭᠤᠨ ᠲᠣᠰᠣ᠂ ᠨᠡᠭᠦᠷᠡᠰᠦ ᠵᠢᠴᠢ | ᠪᠤᠰᠤᠳ ᠰᠢᠲᠠᠮᠠᠬᠠᠢ ᠮᠠᠲ᠋ᠧᠷᠢᠶᠠᠯ ᠡᠳ᠋ᠰᠢᠭᠦᠯᠬᠦ ᠦᠢᠯᠡᠰ ᠤᠨ ᠨᠡᠮᠡᠭᠳᠡᠯ ᠦᠷᠳᠡᠭ 14% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠭᠤᠷᠪᠠᠨ ᠶᠡᠭᠡ ᠲᠦᠷᠦᠯ | ᠵᠦᠢᠯ ᠤᠨ ᠬᠤᠪᠢ ᠳᠤ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ | ᠦᠢᠯᠡᠳᠬᠦ ᠦᠢᠯᠡᠰ ᠤᠨ ᠨᠡᠮᠡᠭᠳᠡᠯ ᠦᠷᠳᠡᠭ 6.1% ᠪᠠᠷ ᠨᠡᠮᠡᠭᠳᠡᠨ᠂ ᠴᠠᠭᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ 24.1% ᠪᠠᠷ ᠨᠡᠮᠡᠭᠳᠡᠵᠡᠢ᠃ | 1 - 7 ᠰᠠᠷ᠎ᠠ ᠳᠤ᠂ ᠭᠦᠭᠡᠬᠤᠳᠠ ᠶᠢᠨ ᠪᠦᠷᠢᠳᠬᠡᠯ ᠳᠤ ᠣᠷᠣᠭᠰᠠᠨ 74 ᠵᠦᠢᠯ ᠤᠨ ᠠᠵᠤ ᠦᠢᠯᠡᠳᠪᠦᠷᠢ ᠶᠢᠨ ᠭᠤᠣᠯ ᠪᠤᠯᠬᠤ ᠦᠢᠯᠡᠳᠬᠦᠨ ᠠᠴᠠ | 40 ᠵᠦᠢᠯ ᠤᠨ ᠦᠢᠯᠡᠳᠬᠦᠨ ᠤ ᠭᠠᠷᠤᠯᠲᠠ ᠨᠢ ᠡᠶᠡᠷᠭᠦ ᠨᠡᠮᠡᠭᠳᠡᠯ ᠲᠠᠢ ᠪᠠᠶᠢᠵᠤ᠂ ᠨᠡᠮᠡᠭᠳᠡᠯ ᠲᠠᠢ ᠪᠠᠶᠢᠬᠤ ᠬᠡᠪᠴᠢᠶ᠎ᠡ ᠨᠢ 54.1% ᠳᠤ ᠬᠦᠷᠴᠡᠢ᠃ ᠡᠭᠦᠨ | ᠳᠤ 135.1 ᠲᠦᠮᠡᠨ ᠳᠤᠨ ᠴᠠᠭᠠᠨ ᠢᠳᠡᠭᠡᠨ ᠪᠤᠯᠪᠠᠰᠤᠷᠠᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠪᠡ᠃ ᠳᠠᠩ | ᠲᠠᠯᠠᠰᠲᠤ ᠴᠠᠬᠢᠭᠤᠷ ᠪᠠ ᠤᠯᠠᠨ ᠲᠠᠯᠠᠰᠲᠤ ᠴᠠᠬᠢᠭᠤᠷ ᠤᠨ ᠭᠠᠷᠤᠯᠲᠠ 25.3 ᠲᠦᠮᠡᠨ ᠳᠤᠨ ᠳᠤ ᠬᠦᠷᠴᠦ᠂ 64.2% ᠢᠶᠠᠷ ᠨᠡᠮᠡᠭᠳᠡᠵᠠᠢ᠃ 441 | ᠳ᠋ᠦᠩᠰᠢᠭᠤᠷ ᠺᠢᠯᠣᠸᠠᠲ ᠴᠠᠭ ᠴᠠᠭᠢᠯᠭᠠᠨ ᠭᠠᠷᠭᠠᠵᠤ᠂ 9% ᠪᠠᠷ ᠨᠡᠮᠡᠭᠳᠡᠪᠡ᠃ 119.2 ᠳ᠋ᠦᠩᠰᠢᠭᠤᠷ ᠶᠣᠵᠣᠭᠤᠷ ᠨᠠᠪᠴᠢᠨ ᠲᠠᠮᠠᠬᠢ ᠦᠢᠯᠡᠳᠪᠦᠷᠢᠯᠡᠵᠦ᠂ | 30.9% ᠪᠠᠷ ᠨᠡᠮᠡᠭᠳᠡᠵᠠᠢ᠃ 27.9 ᠲᠦᠮᠡᠨ ᠳᠤᠨ ᠠᠮᠤᠨ ᠰᠢᠪᠲᠦᠷᠲᠦ ᠬᠦᠴᠢᠯ ᠤᠨ ᠨᠠᠲᠷᠢ ᠦᠢᠯᠡᠳᠪᠦᠷᠢᠯᠡᠵᠦ᠂ 24.8% ᠪᠠᠷ ᠨᠡᠮᠡᠭᠳᠡᠪᠡ᠃ | |