ᠪᠣᠣ ᠭᠠᠩ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠪᠡᠯᠡ ᠣᠷᠣᠭᠤᠯᠤᠯᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠲᠠᠢ ᠠᠭᠤᠯᠵᠠᠪᠠ
ᠨᠡᠶᠢᠲᠡᠯᠡᠭᠰᠡᠨ ᠴᠠᠭ᠄
2024/9/25
      ︵ᠰᠤᠷᠪᠤᠯᠵᠢᠯᠠᠭᠴᠢ ᠭᠧᠩ ᠰᠢᠨ︶ 9 ᠳ᠋ᠦ᠋ᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠨᠢᠩᠪᠦ᠋ᠸᠧ ᠶᠢᠨ ᠭᠤᠤ ᠴᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠰᠢᠶᠤᠤ ᠪᠥᠸᠧ ᠶᠢᠨ ᠳᠠᠭᠠᠭᠤᠯᠤᠭᠰᠠᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠪᠡᠯᠡ ᠣᠷᠣᠭᠤᠯᠤᠯᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢ ᡁᠢ ᠭᠠᠩ ᠣᠷᠣᠯᠴᠠᠵᠠᠢ᠃      ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠡᠯ᠎ᠡ ᠠᠵᠤ ᠠᠬᠤᠶᠢᠯᠠᠯᠲᠠᠳ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠬᠥᠬᠡᠬᠤᠲᠠ ᠶᠠᠭ ᠠᠵᠠ ᠲᠣᠬᠢᠶᠠᠯ ᠢ ᠠᠮᠵᠢᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠢᠮᠡᠯ ᠤᠶᠤᠨ᠂ ᠨᠡᠶᠢᠯᠡᠮᠡᠯ ᠠᠮᠢᠳᠤ ᠪᠣᠳᠠᠰ᠂ ᠳᠣᠣᠷ᠎ᠠ ᠤᠭᠲᠠᠷᠭᠤᠢ ᠶᠢᠨ ᠠᠵᠤ ᠠᠬᠤᠢ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠪᠣᠯ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠣᠨ᠎ᠠ᠂ ᠥᠷᠭᠡᠨ ᠣᠯᠠᠨ ᠠᠵᠤ ᠠᠬᠤᠶᠢᠯᠠᠯᠲᠠᠳ ᠤᠨ ᠣᠷᠣᠨ ᠤ ᠲᠥᠪ ᠬᠤᠲᠠ ᠳᠤ ᠪᠡᠯᠡ ᠣᠷᠣᠭᠤᠯᠤᠨ᠂ ᠣᠷᠣᠨ ᠤ ᠲᠥᠪ ᠬᠤᠲᠠ ᠳᠤ ᠦᠨᠳᠦᠰᠦᠯᠡᠵᠦ᠂ ᠨᠡᠩ ᠣᠯᠠᠨ ᠴᠢᠨᠠᠷ ᠰᠠᠶᠢᠲᠠᠢ ᠠᠵᠤ ᠠᠬᠤᠶᠢᠯᠠᠯ ᠤᠨ ᠬᠥᠬᠡᠬᠤᠲᠠ ᠳᠤ ᠢᠷᠡᠵᠦ ᠴᠤᠭᠯᠠᠷᠠᠨ ᠬᠥᠭᠵᠢᠬᠦ ᠶᠢ ᠳᠠᠶᠢᠴᠢᠯᠠᠬᠤ ᠶᠢ ᠬᠠᠯᠠᠭᠤᠨ ᠢᠶᠠᠷ ᠤᠭᠲᠤᠵᠤ ᠪᠠᠶᠢᠨ᠎ᠠ᠃ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠵᠦ᠂ ᠠᠵᠤ ᠠᠬᠤᠶᠢᠯᠠᠯ ᠳᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠤᠯᠠᠨ ᠢ ᠰᠠᠨᠠᠭ᠎ᠠ ᠠᠮᠤᠷ ᠦᠢᠯᠡᠰ ᠪᠤᠰᠬᠠᠵᠤ᠂  ᠰᠡᠳᠭᠢᠯ ᠠᠮᠤᠷ ᠡᠵᠡᠩᠨᠡᠵᠦ᠂ ᠲᠠᠭᠠᠯᠠᠮᠵᠢᠲᠠᠢ ᠭᠦᠭᠵᠢᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃      ᠭᠤᠤ ᠰᠢᠶᠤᠤ ᠪᠥᠸᠧ ᠰᠢᠨᠵᠢᠯᠡᠨ ᠪᠠᠶᠢᠴᠠᠭᠠᠬᠤ ᠪᠦᠯᠬᠦᠮ ᠢᠶᠠᠨ ᠲᠥᠯᠥᠭᠡᠯᠡᠨ ᠬᠥᠬᠡᠬᠤᠲᠠ ᠶᠢᠨ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ᠂ ᠵᠠᠬ᠎ᠠ ᠳᠡᠯᠭᠡᠭᠦᠷ ᠲᠤ ᠭᠠᠷᠤᠭᠰᠠᠨ 10 ᠺᠣᠮᠫᠠᠨᠢ ᠶᠢᠨ ᠬᠠᠷᠢᠭᠤᠴᠠᠯᠭᠠᠲᠠᠨ ᠲᠣᠰ ᠲᠣᠰ ᠤᠨ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠰᠠᠨᠠᠯ ᠨᠢᠭᠡᠲᠡᠢ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠤᠢᠢᠷ᠎ᠠ ᠶᠢᠨ ᠵᠢᠯ ᠤᠨ ᠬᠥᠭᠵᠢᠯᠲᠡ ᠮᠠᠰᠢ ᠲᠦᠷᠭᠡᠨ᠂ ᠨᠢᠭᠡᠨᠲᠡ ᠪᠡᠯᠡ ᠣᠷᠣᠭᠤᠯᠵᠤ ᠦᠢᠯᠡᠰ ᠪᠤᠰᠬᠠᠬᠤ ᠬᠠᠯᠠᠭᠤᠨ ᠬᠥᠷᠥᠰᠥ ᠪᠤᠯᠵᠠᠢ᠂ ᠤᠯᠠᠨ ᠢᠶᠠᠷ ᠢᠶᠠᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠣᠷᠣᠨ ᠤ ᠲᠥᠪ ᠬᠤᠲᠠ ᠶᠢᠨ ᠬᠡᠷᠡᠭᠴᠡᠭᠡ ᠪᠣᠯᠤᠨ ᠠᠵᠤ ᠠᠬᠤᠶᠢᠯᠠᠯ ᠤᠨ ᠳᠠᠪᠠᠭᠤᠯᠢᠭ ᠢ ᠤᠨᠢᠨ ᠳᠡᠭᠡᠷ᠎ᠡ ᠨᠢ ᠵᠣᠯᠭᠠᠭᠤᠯᠵᠤ᠂ ᠲᠣᠭᠠᠴᠢᠯᠠᠭᠰᠠᠨ ᠠᠵᠤ ᠠᠬᠤᠢ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠶᠢ ᠪᠣᠳᠠᠲᠠᠢ ᠲᠦᠷᠦᠯ ᠵᠦᠢᠯ ᠪᠣᠯᠭᠠᠨ ᠬᠤᠪᠢᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠦᠢᠯᠡᠴᠢᠯᠡᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠼᠤᠤ ᡁᠢ᠂ ᠲᠠᠯ᠎ᠠ ᠠᠭᠤᠯᠵᠠᠯᠲᠠ ᠳᠤ ᠣᠷᠣᠯᠴᠠᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ