ᠭᠦᠭᠡᠬᠤᠳᠠ ᠪᠦᠳᠤᠮᠵᠢᠳᠠᠢ ᠠᠷᠭ᠎ᠠ ᠬᠡᠮᠵᠢᠶ᠎ᠡ ᠠᠪᠴᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ ᠬᠠᠮᠢᠶᠠᠷᠤᠯᠲᠠ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2024/9/25
      ᠭᠦᠭᠡᠬᠤᠲᠠ ᠶᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠣᠶᠢᠷ᠎ᠠ ᠳᠤ ᠬᠠᠮᠲᠤ ᠪᠠᠷ  ᠬᠥᠳᠡᠯᠦᠯᠴᠡᠵᠦ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ︽ᠴᠠᠭᠢᠯᠭᠠᠨ ᠴᠡᠨᠡᠭᠯᠡᠬᠦ ᠳᠤ ᠬᠦᠴᠢᠷᠲᠡᠢ︾᠂︽ᠲᠠᠯᠪᠢᠬᠤ ᠳᠤ ᠬᠦᠴᠢᠷᠲᠡᠢ︾᠂ ︽ᠲᠣᠭᠲᠠᠭᠠᠯ ᠠᠴᠠ ᠵᠥᠷᠢᠴᠡᠨ ᠴᠠᠭᠢᠯᠭᠠᠨ ᠴᠡᠨᠡᠭᠯᠡᠬᠦ︾᠂ ︽ᠲᠣᠭᠲᠠᠭᠠᠯ ᠠᠴᠠ ᠵᠥᠷᠢᠴᠡᠨ ᠠᠰᠠᠷ ᠳᠡᠭᠡᠷ᠎ᠡ ᠭᠠᠷᠭᠠᠬᠤ︾ ᠵᠡᠷᠭᠡ ᠠᠰᠠᠭᠤᠳᠠᠯ ᠤᠨ ᠲᠣᠭᠤᠷᠢᠨ ᠳᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ᠂ ᠳᠠᠯᠳᠠ ᠭᠡᠮ ᠢ ᠴᠡᠭᠴᠡᠯᠡᠨ ᠵᠠᠰᠠᠬᠤ᠂ ᠲᠥᠬᠦᠭᠡᠷᠦᠮᠵᠢ ᠤᠭᠰᠠᠷᠠᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ᠂ ᠬᠥᠮᠦᠵᠢᠯ ᠤᠬᠠᠭᠤᠯᠭ᠎ᠠ ᠬᠢᠬᠦ ᠵᠡᠷᠭᠡ ᠠᠵᠢᠯᠯᠠᠭ᠎ᠠ ᠥᠷᠨᠢᠭᠦᠯᠵᠦ᠂ ᠪᠦᠭᠦ ᠬᠤᠲᠠ ᠶᠢᠨ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ ᠪᠠᠶᠢᠨ᠎ᠠ᠃      ᠡᠨᠡ ᠵᠢᠯ ᠤᠨ 2 ᠰᠠᠷ᠎ᠠ ᠳᠤ ᠭᠦᠭᠡᠬᠤᠳᠠ ︽ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ︾ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠭᠦ ᠬᠤᠲᠠ ᠶᠢᠨ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠪᠠᠶᠢᠷᠢᠯᠠᠭᠤᠯᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠦᠴᠦᠲᠡᠢ ᠠᠷᠭ᠎ᠠ ᠬᠡᠮᠵᠢᠶ᠎ᠡ ᠠᠪᠴᠤ᠂ ︽ᠴᠠᠭᠢᠯᠭᠠᠨ ᠴᠡᠨᠡᠭᠯᠡᠬᠦ ᠳᠤ ᠬᠦᠴᠢᠷᠲᠡᠢ︾᠂ ︽ᠲᠠᠯᠪᠢᠬᠤ ᠳᠤ ᠬᠦᠴᠢᠷᠲᠡᠢ︾ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠢᠶᠠᠷ ᠰᠡᠷᠭᠡᠶᠢᠯᠡᠬᠦ᠂  ᠪᠣᠳᠠᠰ ᠢᠶᠠᠷ ᠰᠡᠷᠭᠡᠶᠢᠯᠡᠬᠦ ᠵᠡᠷᠭᠡ ᠲᠠᠯ᠎ᠠ ᠪᠠᠷ ᠬᠦᠴᠦᠯᠡᠨ᠂ ᠲᠥᠪᠯᠡᠷᠡᠭᠦᠯᠦᠨ ᠴᠠᠭᠢᠯᠭᠠᠨ ᠴᠡᠨᠡᠭᠯᠡᠬᠦ ᠲᠥᠬᠦᠭᠡᠷᠦᠮᠵᠢ᠂ ᠴᠠᠭᠢᠯᠭᠠᠨ ᠱᠠᠲᠤᠨ ᠤ AI ᠶᠢᠨ ᠣᠶᠤᠨᠴᠢ ᠪᠠᠷ ᠢᠯᠭᠠᠨ ᠲᠠᠨᠢᠵᠤ ᠲᠤᠰᠠᠭᠠᠷᠯᠠᠬᠤ ᠰᠢᠰᠲ᠋ᠧᠮ ᠪᠠ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠵᠢᠵᠢᠭ ᠭᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠣᠳᠣᠬᠠᠨ ᠪᠤᠯᠲᠠᠯ᠎ᠠ᠂ ︽ᠪᠠᠶᠢᠭᠤᠯᠬᠤ ᠶᠣᠰᠣᠲᠠᠢ ᠶᠢ ᠨᠢ ᠪᠦᠭᠦᠨ ᠢ ᠪᠠᠶᠢᠭᠤᠯᠬᠤ︾ ᠵᠠᠷᠴᠢᠮ ᠶᠣᠰᠣᠭᠠᠷ᠂ 2467 ᠰᠠᠭᠤᠭᠠᠯᠢ ᠠᠷᠠᠳ ᠤᠨ ᠲᠣᠭᠤᠷᠢᠭ ᠨᠢ ᠨᠢᠭᠡᠨᠲᠡ ᠲᠥᠪᠯᠡᠷᠡᠭᠦᠯᠦᠨ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 67% ᠳᠤ ᠭᠦᠷᠴᠡᠶ; 19351 ᠴᠠᠭᠢᠯᠭᠠᠨ ᠱᠠᠲᠤ ᠨᠢ ᠨᠢᠭᠡᠨᠲᠡ ᠴᠠᠭᠢᠯᠭᠠᠨ ᠱᠠᠲᠤᠨ ᠤ AI ᠣᠶᠤᠨᠴᠢ ᠪᠠᠷ ᠢᠯᠭᠠᠨ ᠲᠠᠨᠢᠵᠤ ᠲᠤᠰᠠᠭᠠᠷᠯᠠᠬᠤ ᠰᠢᠰᠲ᠋ᠧᠮ ᠤᠨ ᠤᠭᠰᠠᠷᠠᠯᠲᠠ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 98% ᠳᠤ ᠭᠦᠷᠴᠡᠶ; ᠪᠦᠭᠦ ᠬᠤᠲᠠ ᠳᠤ ᠣᠷᠣᠨ ᠰᠠᠭᠤᠴᠠ ᠶᠢᠨ ᠲᠣᠭᠤᠷᠢᠭ ᠤᠨ ᠵᠢᠵᠢᠭ ᠭᠡᠯᠪᠡᠷᠢ ᠶᠢᠨ ᠭᠠᠯ ᠤᠨᠲᠠᠷᠠᠭᠠᠬᠤ ᠥᠷᠲᠡᠭᠡ 2974 ᠶᠢ ᠪᠠᠶᠢᠭᠤᠯᠪᠠ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠴᠠᠭᠢᠯᠭᠠᠨ ᠴᠡᠨᠡᠭᠯᠡᠬᠦ ᠪᠠᠲᠤᠯᠠᠭ᠎ᠠ᠂ ᠮᠡᠷᠭᠡᠵᠢᠯ ᠤᠨ ᠰᠡᠷᠭᠡᠶᠢᠯᠡᠨ ᠡᠵᠡᠮᠳᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠡᠢ᠃      ᠭᠦᠭᠡᠬᠤᠳᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠶᠠᠨ ᠵᠣᠬᠢᠶᠠᠨ ᠪᠠᠶᠢᠭᠤᠯᠵᠤ ᠬᠠᠮᠲᠤᠷᠠᠨ ᠬᠢᠨᠠᠨ ᠵᠢᠯᠤᠭᠤᠳᠴᠤ ᠪᠠᠶᠢᠴᠠᠭᠠᠬᠤ ᠠᠵᠢᠯᠯᠠᠭ᠎ᠠ ᠥᠷᠨᠢᠭᠦᠯᠦᠨ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠲᠣᠭᠲᠠᠭᠠᠯ ᠠᠴᠠ ᠵᠥᠷᠢᠴᠡᠨ ᠳᠤᠷ᠎ᠠ ᠪᠠᠷ ᠵᠣᠭᠰᠤᠭᠠᠬᠤ᠂ ᠴᠠᠭᠢᠯᠭᠠᠨ ᠴᠡᠨᠡᠭᠯᠡᠬᠦ ᠠᠵᠢᠯᠯᠠᠭ᠎ᠠ ᠶᠢ 3404 ᠤᠳᠠᠭ᠎ᠠ ᠵᠠᠯᠠᠷᠠᠭᠤᠯᠵᠤ᠂ 24 ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠲᠣᠭᠲᠠᠭᠠᠯ ᠠᠴᠠ ᠵᠥᠷᠢᠴᠡᠨ ᠳᠤᠷ᠎ᠠ ᠪᠠᠷ ᠵᠣᠭᠰᠤᠭᠠᠬᠤ᠂ ᠴᠠᠭᠢᠯᠭᠠᠨ ᠴᠡᠨᠡᠭᠯᠡᠬᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠬᠡᠷᠡᠭᠵᠢᠭᠦᠯᠵᠦ᠂ ᠲᠣᠷᠭᠠᠭᠰᠠᠨ ᠵᠣᠭᠤᠰ ᠤᠨ ᠲᠤᠭ᠎ᠠ ᠨᠢ ᠨᠡᠶᠢᠲᠡ 1.615 ᠲᠦᠮᠡᠨ ᠲᠥᠭᠦᠷᠢᠭ ᠭᠦᠷᠪᠠ᠃ ᠡᠭᠦᠨ ᠤ ᠬᠠᠮᠲᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠪᠦᠭᠦ ᠬᠤᠲᠠ ᠶᠢᠨ 370 ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠪᠣᠷᠣᠯᠠᠭᠤᠯᠬᠤ᠂ ᠰᠡᠯᠪᠢᠨ ᠵᠠᠰᠠᠵᠤ ᠡᠵᠡᠩᠨᠡᠬᠦ ᠨᠢᠭᠡᠴᠢ ᠳᠤ ᠪᠦᠭᠦ ᠲᠠᠯ᠎ᠠ ᠶᠢᠨ ᠪᠠᠶᠢᠴᠠᠭᠠᠯᠲᠠ ᠬᠢᠵᠦ᠂ ᠨᠡᠶᠢᠲᠡ 935 ᠡᠷᠦᠭᠡ ᠤᠳᠠᠭ᠎ᠠ ᠪᠠᠶᠢᠴᠠᠭᠠᠯᠲᠠ ᠬᠢᠵᠦ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ᠂ ᠨᠡᠶᠢᠯᠡᠭᠦᠯᠵᠦ ᠤᠭᠰᠠᠷᠠᠭᠰᠠᠨ᠂ ᠳᠤᠷ᠎ᠠ ᠪᠠᠷ ᠢᠶᠠᠨ ᠬᠤᠷᠳᠤᠴᠠ ᠲᠣᠬᠢᠷᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ 10 ᠵᠦᠢᠯ ᠤᠨ ᠠᠵᠢᠯᠯᠠᠭ᠎ᠠ ᠶᠢ ᠢᠯᠡᠷᠡᠭᠦᠯᠵᠦ᠂ 8 ᠶᠢ ᠨᠢ ᠵᠠᠰᠠᠭ ᠵᠠᠬᠢᠷᠭᠠᠨ ᠤ ᠬᠡᠷᠡᠭ ᠪᠣᠯᠭᠠᠨ ᠳᠡᠩᠰᠡᠯᠡᠵᠦ᠂ 6 ᠬᠡᠷᠡᠭ ᠢ ᠨᠢ ᠨᠢᠭᠡᠨᠲᠡ  ᠳᠠᠰᠤᠯᠤᠨ ᠭᠦᠢᠴᠡᠳᠬᠡᠵᠦ᠂ ᠨᠡᠶᠢᠲᠡ 3.4505ᠲᠦᠮᠡᠨ ᠲᠥᠭᠦᠷᠢᠭ ᠤᠨ ᠵᠠᠰᠠᠭ ᠵᠠᠬᠢᠷᠭᠠᠨ ᠤ ᠰᠢᠢᠳᠬᠡᠯ ᠥᠭᠴᠦ᠂ 5 ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢ ᠦᠯᠡᠳᠡᠭᠡᠨ ᠠᠪᠴᠤ᠂ ᠴᠠᠭᠢᠯᠭᠠᠨ ᠴᠡᠨᠡᠭ᠂ ᠴᠠᠭᠢᠯᠭᠠᠨ ᠴᠡᠨᠡᠭᠯᠡᠭᠦᠷ ᠵᠡᠷᠭᠡ ᠶᠢ 88 ᠬᠤᠪᠢ ᠬᠤᠷᠢᠶᠠᠨ ᠠᠪᠴᠤ᠂ 3 ᠨᠡᠶᠢᠲᠡᠯᠢᠭ ᠬᠡᠷᠡᠭ ᠢ ᠢᠯᠡ ᠨᠡᠶᠢᠲᠡᠯᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ