︵ᠰᠤᠷᠪᠤᠯᠵᠢᠯᠠᠭᠴᠢ ᠰᠦᠩ ᠰᠢᠶᠠᠩ ᠬᠤᠸᠠ︶ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠬᠤ | ᠦᠭᠡᠢ︾ ᠶᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽2024 ᠣᠨ ᠤ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠶᠢᠨ | ᠲᠥᠰᠦᠪ ᠢ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ | ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ | ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠰᠬᠠᠶ ᠪᠠᠯᠠ ᠮᠥᠩᠭᠦ ᠶᠢ 11458.93 ᠲᠦᠮᠡᠨ ᠲᠥᠭᠦᠷᠢᠭ ᠪᠠᠭᠤᠯᠭᠠᠵᠤ᠂ | ᠭᠤᠤᠯᠳᠠᠭᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠭᠠᠭᠤᠯᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ᠂ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ ᠳᠤ ᠬᠡᠷᠡᠭᠯᠡᠵᠦ᠂ ᠠᠯᠪᠠᠨ ᠠᠴᠠ | ᠡᠷᠭᠢᠯᠡᠭᠰᠡᠨ ᠰᠤᠷᠭᠠᠭᠤᠯᠢ ᠶᠢᠨ ᠰᠤᠷᠤᠭᠴᠢ ᠶᠢᠨ ᠤᠷᠤᠨ ᠲᠤᠭᠠᠨ ᠤ ᠬᠠᠩᠭᠠᠯᠭ᠎ᠠ ᠶᠢ ᠳᠡᠮᠵᠢᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠰᠠᠭᠤᠷᠢ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠨᠥᠬᠦᠴᠡᠯ ᠢ ᠦᠨᠡᠨ ᠬᠦ ᠳᠡᠭᠡᠭᠰᠢᠯᠡᠭᠦᠯᠦᠨ᠎ᠡ᠃ ᠡᠨᠡ ᠬᠦ ᠪᠡᠯᠡ ᠮᠥᠩᠭᠦ ᠶᠢ ᠪᠠᠭᠤᠯᠭᠠᠭᠰᠠᠨ ᠨᠢ ᠣᠷᠣᠨ ᠤ ᠲᠥᠪ ᠬᠤᠲᠠ ᠶᠢᠨ ᠰᠤᠷᠭᠠᠨ | ᠬᠥᠮᠦᠵᠢᠯ ᠤᠨ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ | ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ |