ᠬᠥᠬᠡᠬᠤᠲᠠ ᠲᠥᠪ ᠤᠨ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠪᠡᠯᠡ ᠮᠥᠩᠭᠦ ᠶᠢ 1000 ᠲᠦᠮᠡᠨ ᠲᠥᠭᠦᠷᠢᠭ ᠣᠯᠪᠠ
ᠨᠡᠶᠢᠲᠡᠯᠡᠭᠰᠡᠨ ᠴᠠᠭ᠄
2024/9/26
       ︵ᠰᠤᠷᠪᠤᠯᠵᠢᠯᠠᠭᠴᠢ ᠡᠦ ᠽᠢ ᠰᠢᠤᠸᠠᠨ ᠴᠢᠮᠡᠭᠡᠯᠡᠭᠴᠢ ᠮᠠ ᠴᠢᠨ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠲᠥᠪ ᠠᠴᠠ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠬᠥᠲᠥᠯᠦᠨ ᠵᠢᠯᠣᠭᠤᠳᠬᠤ ᠪᠠᠯᠠ ᠮᠥᠩᠭᠦ ᠶᠢᠨ ᠲᠥᠷᠥᠯ ᠵᠦᠢᠯ ᠢ ᠵᠢᠩᠬᠢᠨᠢ ᠪᠠᠷ ᠪᠠᠭᠤᠯᠭᠠᠵᠤ᠂ ᠲᠣᠰ ᠤᠳᠠᠭ᠎ᠠ ᠬᠥᠬᠡᠬᠤᠲᠠ ᠲᠥᠪ ᠤᠨ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠬᠥᠲᠥᠯᠦᠨ ᠵᠢᠯᠣᠭᠤᠳᠬᠤ 16 ᠵᠦᠢᠯ ᠤᠨ ᠪᠠᠯᠠ ᠮᠥᠩᠭᠦ ᠶᠢᠨ ᠲᠥᠷᠥᠯ ᠵᠦᠢᠯ ᠢ ᠴᠢᠷᠮᠠᠶᠢᠨ ᠣᠯᠵᠤ᠂ ᠲᠤᠰᠬᠠᠶ ᠵᠦᠢᠯ ᠤᠨ ᠪᠠᠯᠠ ᠮᠥᠩᠭᠦ ᠶᠢᠨ ᠶᠡᠷᠦᠩᠬᠡᠶ ᠲᠤᠭ᠎ᠠ 1000 ᠲᠦᠮᠡᠨ ᠲᠥᠭᠦᠷᠢᠭ ᠬᠦᠷᠴᠡᠢ᠃ ᠡᠨᠡ ᠪᠦᠯᠦᠭ ᠲᠥᠷᠥᠯ ᠵᠦᠢᠯ ᠢ ᠠᠮᠵᠢᠯᠲᠠ ᠲᠠᠢ ᠲᠤᠭᠲᠠᠭᠠᠭᠰᠠᠨ ᠨᠢ᠂ ᠵᠢᠱᠢᠯᠲᠡ ᠪᠠᠷ ᠠᠵᠤ ᠠᠬᠤᠶᠢᠯᠠᠯ ᠤᠨ 1230 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠬᠤ ᠶᠢ ᠳᠠᠶᠢᠴᠢᠯᠠᠵᠤ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃      ᠲᠣᠰ ᠤᠳᠠᠭ᠎ᠠ ᠵᠥᠪᠰᠢᠶᠡᠷᠡᠭᠳᠡᠭᠰᠡᠨ ᠲᠥᠷᠥᠯ ᠵᠦᠢᠯ ᠳᠤ᠂ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ︽dUHT ᠰᠦ ᠶᠢᠨ ᠬᠠᠳᠠᠭᠠᠯᠠᠬᠤ ᠬᠤᠭᠤᠴᠠᠭ᠎ᠠ ᠶᠢ ᠤᠷᠲᠤᠳᠬᠠᠬᠤ ᠵᠠᠩᠭᠢᠯᠠᠭ᠎ᠠ ᠶᠢᠨ ᠮᠡᠷᠭᠡᠵᠢᠯ ᠤᠨ ᠨᠡᠭᠡᠭᠡᠯᠲᠡ ᠬᠢᠭᠡᠳ ᠬᠡᠷᠡᠭᠯᠡᠯᠲᠡ︾᠂ ︽ᠬᠦᠴᠢᠯᠯᠢᠭ ᠰᠢᠩᠭᠡᠨ ᠵᠦᠭᠡᠬᠡᠢ ᠪᠣᠯᠪᠠᠰᠤᠷᠠᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ ᠵᠢᠴᠢ ᠮᠠᠰᠺᠠᠫᠡᠩ ᠪᠢᠰᠢᠯᠠᠭ ᠤᠨ ᠠᠵᠤ ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ︾ ᠵᠢᠴᠢ ︽ᠰᠢᠩᠭᠡᠨ ᠲᠥᠯᠥᠪᠲᠦ ᠰᠦ ᠶᠢᠨ ᠪᠦᠲᠦᠭᠡᠭᠳᠡᠬᠦᠨ ᠤ ᠶᠠᠰᠤ ᠴᠢᠨᠠᠷ ᠢ ᠨᠥᠯᠥᠭᠡᠯᠡᠬᠦ ᠵᠠᠩᠭᠢᠯᠠᠭ᠎ᠠ ᠶᠢᠨ ᠮᠢᠺᠷᠣᠪ ᠤᠨ ᠪᠥᠬᠦ ᠬᠡᠯᠬᠢᠶ᠎ᠡ ᠶᠢᠨ ᠡᠵᠡᠮᠳᠡᠯ ᠤᠨ ᠰᠢᠰᠲ᠋ᠧᠮᠵᠢ ᠶᠢᠨ ᠰᠤᠳᠤᠯᠭᠠᠨ ᠪᠠ ᠬᠡᠷᠡᠭᠯᠡᠯᠲᠡ︾ ᠵᠡᠷᠭᠡ 3 ᠲᠥᠷᠥᠯ ᠵᠦᠢᠯ ᠨᠢ ᠨᠡᠶᠢᠲᠡ 200 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠣᠯᠪᠠ᠃ ᠡᠭᠦᠨ ᠤ ᠬᠠᠮᠲᠤ᠂ ᠥᠪᠥᠷ ᠮᠣᠩᠭᠤᠯ ᠤᠨ ᠯᠢᠦᠶ ᠴᠤᠸᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠵᠠᠳᠠᠷᠠᠭᠤᠯᠵᠤ ᠰᠢᠲᠠᠭᠠᠬᠤ ᠬᠠᠨᠳᠤᠯᠭ᠎ᠠ ᠲᠠᠢ ᠪᠠᠷ ᠲᠣᠬᠢᠷᠠᠭᠤᠯᠤᠨ ᠡᠵᠡᠮᠳᠡᠬᠦ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ︾᠂ ᠶᠢᠨ ᠢᠦᠶ ᠪᠦᠦ ᠯᠢᠩ ᠠᠮᠢᠳᠤ ᠪᠣᠳᠠᠰ ᠤᠨ ᠡᠮ ᠤᠨ ᠬᠢᠵᠠᠭᠠᠷᠲᠤ ᠺᠣᠮᠫᠠᠨᠢ ᠶᠢᠨ ︽ᠮᠤᠤᠷ ᠤᠨ FIP mRNA ᠸᠠᠺᠼᠢᠨ ᠤ ᠰᠤᠳᠤᠯᠭᠠᠨ︾ ᠵᠢᠴᠢ ᠥᠪᠥᠷ ᠮᠣᠩᠭᠤᠯ ᠤᠨ ᠠᠯᠤᠰ ᠰᠡᠷᠡᠯ ᠤᠨ ᠲᠥᠪ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ︽ᠥᠪᠥᠷ ᠮᠣᠩᠭᠤᠯ ᠤᠨ ᠰᠢᠶᠠᠨ ᠤ ᠬᠡᠪᠴᠢᠶᠡᠨ ᠤ ᠲᠠᠷᠢᠶᠠᠯᠠᠩ ᠤᠨ ᠭᠠᠮᠰᠢᠭ ᠤᠨ ᠬᠤᠬᠢᠷᠠᠯ ᠢ ᠲᠥᠰᠦᠭᠡᠯᠡᠨ ᠪᠤᠳᠤᠬᠤ ᠠᠯᠤᠰ ᠰᠡᠷᠡᠯ ᠤᠨ ᠤᠶᠤᠨᠴᠢ ᠰᠢᠰᠲ᠋ᠧᠮ︾ ᠤᠨ ᠲᠥᠷᠥᠯ ᠵᠦᠢᠯ ᠨᠢ ᠲᠣᠰ ᠲᠣᠰ 100 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠣᠯᠪᠠ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠾᠧ ᠰᠢᠶᠦ᠋ᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠷᠢᠨᠭᠡᠷ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠲᠥᠪ ᠵᠡᠷᠭᠡ 10 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠥᠷᠥᠯ ᠵᠦᠢᠯ ᠴᠦ ᠲᠣᠰ ᠲᠣᠰ 50 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠣᠯᠵᠠᠢ᠃      ᠲᠥᠪ ᠤᠨ ᠣᠷᠣᠨ ᠨᠤᠲᠤᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢ ᠬᠦᠳᠦᠯᠦᠨ ᠵᠢᠯᠣᠭᠤᠳᠬᠤ ᠪᠡᠯᠡ ᠮᠥᠩᠭᠦ ᠪᠣᠯ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠤ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠳᠡᠮᠵᠢᠬᠦ ᠪᠠ ᠬᠦᠳᠦᠯᠦᠨ ᠵᠢᠯᠣᠭᠤᠳᠬᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠪᠠᠶᠢᠭᠤᠯᠤᠭᠰᠠᠨ ᠰᠢᠯᠵᠢᠭᠦᠯᠦᠨ ᠥᠭᠬᠦ ᠪᠡᠯᠡ ᠮᠥᠩᠭᠦ ᠪᠣᠯᠤᠨ᠎ᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ