ᠬᠥᠬᠡᠬᠤᠲᠠ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢ ᠴᠡᠷᠢᠭ ᠤᠨ ᠬᠤᠸᠠᠷᠠᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/26
      ᠬᠥᠬᠡᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠬᠡᠷ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠬᠡᠷ᠂ ᠰᠠᠶᠢᠬᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠬᠠᠮᠳᠤᠷᠠᠨ ᠣᠶᠢᠷ᠎ᠠ ᠳᠤ ᠰᠠᠭᠤᠭ᠎ᠠ ᠭᠠᠵᠠᠷ ᠤᠨ ᠨᠢᠭᠡᠨ ᠴᠡᠷᠢᠭ ᠠᠩᠭᠢ ᠳᠤ ᠬᠦᠷᠴᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢ ᠴᠡᠷᠢᠭ ᠤᠨ ᠬᠤᠸᠠᠷᠠᠨ ᠳᠤ ᠣᠷᠣᠭᠤᠯᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠴᠡᠷᠢᠭ ᠠᠩᠭᠢ ᠳᠤ ︽ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠲᠣᠰ ᠠᠵᠢᠯᠯᠠᠭ᠎ᠠ ᠳᠤ᠂ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠺᠢᠨᠣ᠋ ᠦᠵᠡᠵᠦ᠂ ᠤᠯᠤᠰ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ᠂ ᠤᠯᠤᠰ ᠤᠨ ᠠᠮᠤᠷ ᠲᠦᠪᠰᠢᠨ ᠤ ᠲᠥᠷᠥ ᠶᠢᠨ ᠪᠣᠳᠣᠯᠭ᠎ᠠ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠢᠢᠨ ᠲᠤᠰᠬᠠᠶ ᠰᠡᠳᠦᠪᠲᠦ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠵᠡᠷᠭᠡ ᠠᠭᠤᠯᠭ᠎ᠠ ᠶᠢ ᠰᠤᠷᠤᠯᠴᠠᠵᠠᠢ᠂ ᠤᠯᠤᠰ ᠤᠨ ᠠᠮᠤᠷ ᠲᠦᠪᠰᠢᠨ ᠤ ᠭᠤᠤᠯ ᠰᠡᠳᠦᠪᠲᠦ ᠦᠵᠡᠭᠦᠯᠭᠡ ᠶᠢᠨ ᠰᠠᠮᠪᠠᠷ᠎ᠠ ᠶᠢ ᠦᠵᠡᠵᠦ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠪᠠᠶᠠᠯᠢᠭ ᠠᠭᠤᠯᠤᠭᠳᠠᠬᠤᠨ᠂ ᠬᠥᠭᠵᠢᠯᠲᠡ ᠶᠢᠨ ᠥᠩᠭᠡᠷᠡᠯᠲᠡ ᠪᠠ ᠴᠠᠭ ᠦᠶ᠎ᠡ ᠶᠢᠨ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠤᠬᠠᠶ ᠲᠠᠨᠢᠯᠲᠠ ᠪᠠ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃      ᠳᠠᠷᠤᠭ᠎ᠠ ᠪᠠᠶᠢᠯᠳᠤᠭᠴᠢᠳ᠂ ᠤᠯᠤᠰ ᠤᠨ ᠠᠮᠤᠷ ᠲᠦᠪᠰᠢᠨ ᠤ ᠵᠥᠪ ᠦᠵᠡᠯᠲᠡ ᠶᠢ ᠪᠠᠲᠤ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠳᠡᠷᠭᠡᠳᠡᠬᠢ ᠠᠵᠢᠯᠯᠠᠭ᠎ᠠ ᠶᠢ ᠵᠥᠪ ᠢᠶᠠᠷ ᠲᠠᠨᠢᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠥᠪᠡᠷ ᠤᠨ ᠡᠭᠦᠷᠭᠡ ᠪᠠᠨ ᠪᠣᠯᠭᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠨ᠎ᠠ ᠭᠡᠵᠦ ᠢᠯᠡᠳᠭᠡᠵᠡᠭᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ