ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 22 ᠠᠵᠤ ᠠᠬᠤᠶᠢᠯᠠᠯ 2024 ᠣᠨ ᠤ ᠬᠤᠶᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠭᠠᠬᠤ ᠪᠡᠯᠡᠳᠬᠡᠯ ᠠᠵᠤ ᠠᠬᠤᠶᠢᠯᠠᠯ ᠤᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2024/9/26
       ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠮᠠ ᠴᠢᠨ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠬᠡᠷ 2024 ᠣᠨ ᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠭᠠᠬᠤ ᠪᠡᠯᠡᠳᠬᠡᠯ ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠦ᠂ ᠪᠥᠬᠦ ᠣᠷᠣᠨ ᠳᠤ ᠨᠡᠶᠢᠲᠡ 114 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠭᠠᠬᠤ ᠪᠡᠯᠡᠳᠬᠡᠯ ᠠᠵᠤ ᠠᠬᠤᠶᠢᠯᠠᠯ ᠤᠨ ᠬᠥᠮᠥᠷᠭᠡ ᠳᠤ ᠣᠷᠣᠪᠠ᠂ ᠡᠭᠦᠨ ᠳᠤ ᠬᠥᠬᠡᠬᠤᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 22 ᠠᠵᠤ ᠠᠬᠤᠶᠢᠯᠠᠯ ᠰᠣᠩᠭᠤᠭᠳᠠᠵᠤ᠂ ᠲᠤᠭ᠎ᠠ ᠬᠡᠮᠵᠢᠶ᠎ᠡ ᠨᠢ ᠨᠢᠭᠡᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠭᠠᠬᠤ ᠪᠡᠯᠡᠳᠬᠡᠯ ᠠᠵᠤ ᠠᠬᠤᠶᠢᠯᠠᠯ ︵12 ᠡᠷᠦᠬᠡ︶ ᠠᠴᠠ 83.3% ᠨᠡᠮᠡᠭᠳᠡᠭᠰᠡᠨ ᠪᠠᠶᠢᠨ᠎ᠠ᠃      ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠬᠤ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠪᠡᠯᠭᠡ ᠲᠡᠮᠳᠡᠭ ᠮᠥᠨ᠃ ᠣᠶᠢᠷ᠎ᠠ ᠶᠢᠨ ᠵᠢᠯ ᠠᠴᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠣᠷᠣᠨ ᠤ ᠲᠥᠪ ᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠠᠬᠢᠭᠤᠯᠬᠤ ᠪᠠᠷ ᠭᠤᠣᠯ ᠪᠣᠯᠭᠠᠵᠤ᠂ ︽ᠦᠪᠦᠷ ᠮᠤᠩᠭᠤᠯ ᠤᠨ ᠰᠢᠨᠵᠢᠯᠡᠬᠦ ᠤᠬᠠᠭᠠᠨ ᠤ ᠴᠤᠭᠯᠠᠷᠠᠯ︾ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠶᠡᠷᠦᠩᠬᠡᠢ ᠴᠣᠩᠬᠤᠪᠴᠢ ᠶᠢᠨ ᠠᠵᠤ ᠠᠬᠤᠶᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠵᠠᠬ᠎ᠠ ᠳᠡᠯᠭᠡᠭᠦᠷ ᠲᠤ ᠭᠠᠷᠭᠠᠬᠤ ᠪᠡᠯᠡᠳᠬᠡᠯ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠬᠤ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠰᠠᠮᠪᠠᠷ᠎ᠠ ᠳᠤ ᠫᠠᠶᠢᠰᠠ ᠡᠯᠭᠦᠭᠰᠡᠨ 29 ᠠᠵᠤ ᠠᠬᠤᠶᠢᠯᠠᠯ ᠳᠤ 580 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠬᠦᠷᠲᠡᠭᠡᠵᠡᠢ᠃ 2024 ᠣᠨ ᠳᠤ᠂ ︽ᠦᠪᠦᠷ ᠮᠤᠩᠭᠤᠯ ᠤᠨ ᠰᠢᠨᠵᠢᠯᠡᠬᠦ ᠤᠬᠠᠭᠠᠨ ᠤ ᠴᠤᠭᠯᠠᠷᠠᠯ︾ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠳᠤ ᠪᠦᠬᠦ ᠣᠷᠣᠨ ᠤ ᠠᠩᠬᠠᠳᠠᠭᠴᠢ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠤᠨ ᠦᠢᠯᠡᠴᠢᠯᠡᠭᠡᠨ ᠤ ᠦᠷᠳᠡᠭᠡ ᠶᠢ ᠠᠵᠢᠯᠯᠠᠭᠤᠯᠵᠤ᠂ ᠨᠢᠭᠡᠨᠲᠡ 11 ᠮᠥᠩᠭᠦᠨ ᠭᠦᠢᠯᠭᠡᠭᠡᠨ ᠤ ᠪᠠᠶᠢᠭᠤᠯᠤᠮᠵᠢ ᠣᠷᠣᠵᠤ ᠰᠠᠭᠤᠵᠤ᠂ 13 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠭᠡᠯᠡᠯᠭᠡ ᠶᠢᠨ ᠦᠢᠯᠡᠳᠬᠦᠨ ᠢ ᠨᠡᠶᠢᠲᠡᠯᠡᠬᠦ ᠶᠢ ᠠᠬᠢᠭᠤᠯᠪᠠ᠃ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠤᠬᠠᠭᠤᠯᠵᠤ ᠵᠢᠯᠣᠭᠤᠳᠬᠤ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 50 ᠭᠠᠷᠤᠶ ᠠᠵᠤ ᠠᠬᠤᠶᠢᠯᠠᠯ ᠳᠤ ᠨᠡᠶᠢᠲᠡ 13 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠭᠰᠠᠨ ᠪᠥᠭᠡᠳ ᠵᠢᠭᠡᠯᠡᠯᠭᠡ ᠲᠠᠯᠪᠢᠵᠤ᠂ ᠪᠥᠬᠦ ᠬᠤᠲᠠ ᠴᠢᠨᠠᠭᠰᠢᠯᠠᠪᠠᠯ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠪᠥᠬᠦ ᠲᠠᠯ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ