ᠬᠥᠬᠡᠬᠤᠲᠠ ᠶᠢᠨ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/9/26
      ︵ᠰᠤᠷᠪᠤᠯᠵᠢᠯᠠᠭᠴᠢ ᠯᠢᠦᠢ ᠬᠤᠢ ᠱᠧᠩ︶ ᠬᠥᠬᠡᠬᠤᠲᠠ ᠶᠢᠨ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠨᠡᠢᠭᠡᠮᠯᠢᠭ ᠪᠠᠢᠭᠤᠯᠤᠭᠳᠠᠭᠰᠠᠨ ᠶᠡᠭᠡ ᠬᠤᠷᠠᠯ ᠬᠢᠭᠡᠳ ᠬᠥᠬᠡᠬᠤᠲᠠ ᠶᠢᠨ ᠠᠩᠬᠠᠳᠤᠭᠠᠷ ᠬᠤᠭᠤᠴᠠᠭᠠᠨ ᠤ ︽ᠬᠥᠬᠡᠬᠤᠲᠠ ᠶᠢᠨ ᠠᠮᠢᠵᠢᠷᠠᠯ ᠤᠨ ᠬᠦᠴᠦᠨ︾ ᠣᠬᠤᠷ ᠳᠦᠷᠰᠦ ᠰᠢᠩᠭᠡᠭᠡᠯᠲᠡ ᠶᠢᠨ ᠤᠷᠤᠯᠳᠤᠭᠠᠨ ᠤ ᠨᠡᠢᠲᠡᠯᠡᠬᠦ ᠬᠤᠷᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠳᠤ ᠶᠠᠪᠤᠭᠳᠠᠪᠠ᠃      ᠬᠤᠷᠠᠯ ᠳᠡᠭᠡᠷ᠎ᠡ᠂ ᠬᠥᠬᠡᠬᠤᠲᠠ ᠶᠢᠨ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ ᠬᠢᠭᠡᠳ ᠥᠪᠥᠷ ᠮᠣᠩᠭᠤᠯ ᠤᠨ ᠰᠦᠯᠵᠢᠶᠡᠨ ᠤ ᠬᠠᠷᠠᠭ᠎ᠠ ᠰᠣᠨᠣᠷ ᠤᠨ ᠨᠡᠶᠢᠭᠡᠮᠯᠢᠭ᠂ ᠥᠪᠥᠷ ᠮᠣᠩᠭᠤᠯ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ᠂ ᠠᠽᠢᠶ᠎ᠠ ᠲᠢᠪ ᠤᠨ ᠪᠢᠴᠢᠯ ᠺᠢᠨᠣ᠋ ᠶᠢᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠬᠥᠮᠦᠨ ᠰᠣᠶᠣᠯ ᠤᠨ ᠤᠬᠠᠭᠠᠨ ᠤ ᠰᠠᠯᠪᠤᠷᠢ᠂ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠶᠢᠨ ᠤᠳᠬ᠎ᠠ ᠵᠣᠬᠢᠶᠠᠯ ᠬᠢᠭᠡᠳ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ᠂ ᠪᠡᠭᠡᠵᠢᠩ ᠤᠨ ᠪᠢᠴᠢᠯ ᠺᠢᠨᠣ᠋ ᠶᠢᠨ ᠠᠵᠤ ᠦᠢᠯᠡᠰ ᠤᠨ ᠨᠡᠶᠢᠭᠡᠮᠯᠢᠭ ᠬᠠᠮᠲᠤᠪᠠᠷ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠪᠠ᠃      ᠣᠯᠠᠨ ᠤ ᠬᠠᠮᠲᠤ ᠶᠢᠨ ᠭᠡᠷᠡᠴᠢᠯᠡᠯ ᠳᠣᠣᠷ᠎ᠠ᠂ ᠬᠥᠬᠡᠬᠤᠲᠠ ᠶᠢᠨ ᠠᠩᠬᠠᠳᠤᠭᠠᠷ ᠬᠤᠭᠤᠴᠠᠭᠠᠨ ᠤ ︽ᠬᠥᠬᠡᠬᠤᠲᠠ ᠶᠢᠨ ᠠᠮᠢᠵᠢᠷᠠᠯ ᠤᠨ ᠬᠦᠴᠦᠨ︾ ᠣᠬᠤᠷ ᠳᠦᠷᠰᠦ ᠰᠢᠩᠭᠡᠭᠡᠯᠲᠡ ᠶᠢᠨ ᠤᠷᠤᠯᠳᠤᠭᠠᠨ ᠵᠡᠷᠭᠡᠪᠡᠷ ᠡᠬᠢᠯᠡᠪᠡ᠃ ᠲᠤᠰ ᠤᠳᠠᠭᠠᠨ ᠤ ᠤᠷᠤᠯᠳᠤᠭᠠᠨ ᠨᠢ ︽ᠬᠥᠬᠡᠬᠤᠲᠠ ᠶᠢᠨ ᠠᠮᠢᠵᠢᠷᠠᠯ ᠤᠨ ᠬᠦᠴᠦᠨ︾ ᠢᠶᠠᠷ ᠭᠤᠣᠯ ᠰᠡᠳᠦᠪ ᠪᠣᠯᠭᠠᠵᠤ᠂ ᠢᠳᠡᠪᠬᠢ ᠬᠦᠴᠦᠨ ᠢ ᠪᠠᠳᠠᠷᠠᠭᠤᠯᠤᠨ ᠳᠠᠮᠵᠢᠭᠤᠯᠵᠤ᠂ ᠣᠬᠤᠷ ᠳᠦᠷᠰᠦ ᠰᠢᠩᠭᠡᠭᠡᠯᠲᠡ ᠶᠢᠨ ᠬᠡᠯᠪᠡᠷᠢ ᠪᠠᠷ ᠣᠷᠣᠨ ᠤ ᠲᠥᠪ ᠬᠤᠲᠠ ᠶᠢᠨ ᠦᠵᠡᠰᠬᠦᠯᠡᠩᠲᠦ ᠰᠠᠶᠢᠬᠠᠨ ᠭᠱᠠᠨ ᠵᠠᠭᠤᠷ᠎ᠠ ᠶᠢ ᠲᠡᠮᠳᠡᠭᠯᠡᠵᠦ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠯᠤᠰ ᠬᠡᠲᠦ ᠶᠢᠨ ᠬᠦᠰᠡᠯᠡᠩ ᠢ ᠪᠤᠢ ᠪᠣᠯᠭᠠᠬᠤ᠂ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠬᠦ᠂ ᠡᠷᠡᠮᠡᠬᠡᠶᠢᠯᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠨ᠎ᠡ᠃      ᠬᠥᠬᠡᠬᠤᠲᠠ ᠶᠢᠨ ᠵᠠᠯᠠᠭᠤᠴᠤᠳ ᠤᠨ ᠰᠢᠨ᠎ᠡ ᠵᠠᠭᠤᠴᠢᠯᠠᠭᠤᠷ ᠤᠨ ᠨᠡᠶᠢᠭᠡᠮᠯᠢᠭ ᠪᠣᠯ ᠬᠥᠬᠡᠬᠤᠲᠠ ᠶᠢᠨ ᠵᠠᠯᠠᠭᠤ ᠰᠢᠨ᠎ᠡ ᠵᠠᠭᠤᠴᠢᠯᠠᠭᠤᠷ ᠤᠨ ᠠᠵᠤ ᠠᠬᠤᠶᠢᠯᠠᠯ ᠪᠠ ᠬᠤᠪᠢ ᠬᠥᠮᠦᠨ ᠰᠠᠶᠢᠨ ᠳᠤᠷ᠎ᠠ ᠠᠴᠠ ᠪᠠᠨ ᠬᠠᠮᠲᠤ ᠪᠠᠷ ᠰᠡᠳᠦᠨ ᠡᠬᠢᠯᠡᠭᠦᠯᠵᠦ᠂  ᠬᠤᠲᠠ ᠶᠢᠨ ᠡᠪᠯᠡᠯ ᠤᠨ ᠬᠤᠷᠢᠶ᠎ᠠ ᠲᠦᠷᠦᠭᠦᠯᠡᠨ ᠪᠠᠶᠢᠭᠤᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ