ᠬᠥᠬᠡᠬᠤᠲᠠ ᠶᠢᠨ ᠣᠯᠠᠨ ᠰᠠᠯᠠᠭ᠎ᠠ ᠤᠯᠠᠭᠠᠨᠮᠥ᠋ᠴᠢᠷ ᠪᠡᠭᠡᠵᠢᠩ ᠳᠤ ᠬᠦᠷᠴᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/9/27
      ︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ 9 ᠳ᠋ᠦ᠋ᠭᠡᠷ ᠰᠠᠷ᠎ᠠ ᠶᠢᠨ 26 ᠤ ᠡᠳᠦᠷ ᠬᠤᠷᠠᠯᠳᠤᠭᠰᠠᠨ 2024  ᠬᠥᠬᠡᠬᠤᠲᠠ ᠶᠢᠨ ᠤᠯᠤᠰ ᠤᠨ ᠪᠠᠶᠠᠷ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠵᠠᠭᠤᠴᠢᠯᠠᠭᠤᠷ ᠤᠨ ᠮᠡᠳᠡᠭᠡ ᠨᠡᠪᠲᠡᠷᠡᠯᠴᠡᠬᠦ ᠬᠤᠷᠠᠯ ᠠᠴᠠ ᠣᠢᠯᠠᠭᠠᠭᠰᠠᠨ ᠢᠶᠠᠷ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 75 ᠵᠢᠯ ᠤᠨ ᠣᠢ ᠶᠢ ᠪᠡᠯᠭᠡᠯᠡᠵᠦ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ 2024 ᠣᠨ ᠤ ᠤᠯᠤᠰ ᠤᠨ ᠪᠠᠶᠠᠷ ᠠᠴᠠ ᠡᠮᠦᠨᠡᠬᠡᠨ᠂ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠤᠷᠢᠯᠭ᠎ᠠ ᠪᠠᠷ ᠬᠥᠬᠡᠬᠤᠲᠠ ᠶᠢᠨ ᠣᠯᠠᠨ ᠰᠠᠯᠠᠭ᠎ᠠ ᠤᠯᠠᠭᠠᠨᠮᠥ᠋ᠴᠢᠷ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠲᠤ ᠬᠦᠷᠴᠦ ᠭᠤᠷᠪᠠᠨ ᠡᠳᠦᠷ ᠤᠨ ᠬᠤᠭᠤᠴᠠᠭ᠎ᠠ ᠲᠠᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ ᠲᠠᠯ᠎ᠠ ᠨᠤᠲᠤᠭ ᠤᠨ ᠠᠷᠠᠳ ᠲᠦᠮᠡᠨ ᠤ ᠮᠡᠨᠳᠦᠴᠢᠯᠡᠯ ᠢ  ᠬᠦᠷᠭᠡᠨ᠂ ᠬᠠᠮᠲᠤᠪᠡᠷ ᠤᠯᠤᠰ ᠤᠨ ᠪᠠᠶᠠᠷ ᠢ ᠪᠡᠯᠭᠡᠯᠡᠬᠦ ᠪᠠᠷ ᠪᠠᠶᠢᠨ᠎ᠠ᠃ ᠡᠨᠡ ᠨᠢ ᠬᠥᠬᠡᠬᠤᠲᠠ ᠶᠢᠨ ᠤᠯᠠᠭᠠᠨᠮᠦᠴᠢᠷ ᠤᠨ ᠠᠩᠬ᠎ᠠ ᠤᠳᠠᠭ᠎ᠠ ᠪᠡᠭᠡᠵᠢᠩ ᠳᠤ ᠲᠣᠭᠯᠠᠯᠲᠠ ᠭᠠᠷᠭᠠᠵᠤ ᠪᠠᠶᠢᠭ᠎ᠠ ᠶᠠᠪᠤᠳᠠᠯ ᠪᠣᠯᠣᠨ᠎ᠠ᠃      ᠲᠣᠰ ᠤᠳᠠᠭᠠᠨ ᠤ ᠤᠯᠠᠭᠠᠨᠮᠥ᠋ᠴᠢᠷ ᠤᠨ ᠪᠡᠭᠡᠵᠢᠩ ᠳᠤ ᠬᠦᠷᠴᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠢ ︽ᠲᠠᠯ᠎ᠠ ᠨᠤᠲᠤᠭ ᠤᠨ ᠥᠬᠢᠳ ᠬᠥᠪᠡᠭᠦᠳ ᠨᠠᠮ ᠢᠶᠠᠨ ᠳᠠᠭᠠᠵᠤ᠂ ᠡᠬᠡ ᠤᠯᠤᠰ ᠲᠠᠢ ᠪᠠᠨ ᠬᠠᠮᠲᠤ ᠵᠠᠯᠠᠭᠤ ᠨᠠᠰᠤ ᠪᠠᠨ ᠲᠡᠮᠲᠡᠭᠯᠡᠶ᠎ᠡ︾ ᠪᠠᠷ ᠭᠤᠤᠯ ᠰᠡᠳᠦᠪ ᠪᠣᠯᠭᠠᠵᠤ᠂ 9 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠯᠦᠩ ᠲᠠᠨ ᠵᠥᠩ ᠬᠤ᠋ ᠴᠡᠴᠡᠷᠯᠢᠭ ᠲᠤ ᠲᠣᠭᠯᠠᠯᠲᠠ ᠭᠠᠷᠭᠠᠵᠤ᠂ 9 ᠳ᠋ᠦ᠋ᠭᠡᠷ ᠰᠠᠷ᠎ᠠ ᠶᠢᠨ 29 ᠤ ᠡᠳᠦᠷ ᠤᠨ ᠣᠷᠣᠶ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠨᠣᠮ ᠤᠨ ᠰᠠᠩ ᠤᠨ ᠲᠢᠶᠠᠲᠷ ᠲᠤ ᠶᠡᠷᠦᠩᠬᠡᠶᠢᠯᠡᠭᠰᠡᠨ ᠤᠷᠠᠨ ᠰᠠᠶᠢᠬᠠᠨ ᠤ ᠦᠳᠡᠰᠢᠯᠡᠭᠡ ᠶᠢᠨ ᠲᠣᠭᠯᠠᠯᠲᠠ ᠭᠠᠷᠭᠠᠵᠤ᠂ 9 ᠳ᠋ᠦ᠋ᠭᠡᠷ ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠭᠤᠤᠯ ᠰᠡᠳᠦᠪᠲᠦ ᠭᠢᠯᠪᠠᠭᠠᠨ ᠲᠣᠭᠯᠠᠯᠲᠠ ᠥᠷᠨᠢᠭᠦᠯᠵᠦ᠂ ᠨᠡᠶᠢᠰᠯᠡᠯ ᠤᠨ ᠬᠤᠲᠠ ᠶᠢᠨ ᠠᠷᠠᠳ ᠲᠤ ᠡᠬᠡ ᠤᠯᠤᠰ ᠤᠨ ᠤᠮᠠᠷᠠᠲᠤ ᠬᠢᠯᠢ ᠶᠢᠨ ︽ᠦᠨᠳᠦᠰᠦᠨ ᠱᠠᠲᠤᠨ ᠳᠤ ᠣᠶᠢᠷᠠᠲᠤᠵᠤ᠂  ᠤᠯᠠᠮᠵᠢᠯᠠᠨ ᠳᠡᠯᠭᠡᠷᠡᠵᠦ ᠳᠡᠶᠢᠯᠬᠦ᠂  ᠭᠦᠨᠵᠡᠭᠡᠶᠢᠷᠡᠨ ᠦᠯᠡᠳᠡᠵᠦ ᠪᠤᠯᠬᠤ︾ ᠰᠢᠯᠢᠳᠡᠭ ᠤᠷᠠᠨ ᠰᠠᠶᠢᠬᠠᠨ ᠤ ᠪᠦᠲᠦᠭᠡᠯ ᠢ ᠦᠵᠡᠭᠦᠯᠦᠨ᠎ᠡ᠃       ᠡᠭᠦᠨ ᠤ ᠬᠠᠮᠲᠤ᠂ 9 ᠳ᠋ᠦ᠋ᠭᠡᠷ ᠰᠠᠷ᠎ᠠ ᠶᠢᠨ 29 ᠤ ᠡᠳᠦᠷ ᠬᠥᠬᠡᠬᠤᠲᠠ ᠶᠢᠨ ᠰᠣᠶᠣᠯ ᠵᠢᠭᠤᠯᠴᠢᠯᠠᠯ ᠢ ᠲᠠᠨᠢᠯᠴᠠᠭᠤᠯᠬᠤ ᠬᠤᠷᠠᠯ ᠪᠠ ᠬᠤᠶᠠᠷ ᠭᠠᠵᠠᠷ ᠤᠨ ᠵᠢᠭᠤᠯᠴᠢᠯᠠᠯ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠶᠠᠷ ᠭᠠᠵᠠᠷ ᠤᠨ ᠵᠢᠭᠤᠯᠴᠢᠯᠠᠯ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠢᠭᠡ ᠪᠦᠯᠦᠭ ᠥᠪᠡᠷ ᠤᠨ ᠲᠡᠷᠭᠡ ᠲᠠᠢ ᠵᠢᠭᠤᠯᠴᠢᠯᠠᠯ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ᠂ ᠠᠮᠠᠷᠠᠯᠲᠠ ᠶᠢᠨ ᠵᠢᠭᠤᠯᠴᠢᠯᠠᠯ ᠵᠡᠷᠭᠡ ᠵᠠᠬᠢᠶᠠᠯᠠᠭ᠎ᠠ ᠶᠢᠨ ᠦᠢᠯᠡᠳᠬᠦᠨ ᠭᠠᠷᠭᠠᠵᠤ᠂  ᠬᠠᠮᠲᠤᠪᠡᠷ ᠪᠡᠭᠡᠵᠢᠩ ᠦᠪᠦᠷ ᠮᠣᠩᠭᠤᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃      ᠬᠥᠬᠡᠬᠤᠲᠠ ᠶᠢᠨ ᠣᠯᠠᠨ ᠰᠠᠯᠠᠭ᠎ᠠ ᠤᠯᠠᠭᠠᠨᠮᠥ᠋ᠴᠢᠷ ᠤᠨ ᠬᠢᠨ ᠪᠡᠭᠡᠵᠢᠩ ᠳᠤ ᠬᠦᠷᠴᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ  ᠦᠷᠨᠢᠭᠦᠯᠬᠦ ᠨᠢ᠂ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ