ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯᠯᠠᠬᠤ ᠥᠷᠲᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠰᠢᠨ᠎ᠡ ᠬᠥᠳᠡᠯᠭᠡᠭᠦᠷ ᠪᠣᠯᠪᠠ
ᠨᠡᠶᠢᠲᠡᠯᠡᠭᠰᠡᠨ ᠴᠠᠭ᠄
2024/9/29
      ᠡᠨᠡ ᠵᠢᠯ ᠤᠨ 4 ᠰᠠᠷ᠎ᠠ ᠳᠤ᠂ ᠪᠦᠭᠦ ᠣᠷᠣᠨ ᠤ ᠠᠩᠬᠠᠳᠠᠭᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯᠯᠠᠬᠤ ᠥᠷᠲᠡᠭᠡ ︽ᠮᠧᠩ ᠺᠧ ᠵᠢᠦᠢ︾ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠲᠠᠪᠴᠠᠩ ᠤᠨ ᠶᠡᠷᠦᠩᠬᠡᠢ ᠴᠣᠩᠬᠤᠪᠴᠢ ᠳᠤ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠰᠢᠨ᠎ᠡ ᠬᠥᠳᠡᠯᠭᠡᠭᠦᠷ ᠪᠣᠯᠪᠠ᠃      ᠲᠣᠰ ᠠᠵᠢᠯᠯᠠᠬᠤ ᠥᠷᠲᠡᠭᠡ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠠᠬᠢᠭᠤᠯᠬᠤ ᠪᠠᠷ ᠭᠤᠣᠯ ᠪᠣᠯᠭᠠᠨ ︽ᠦᠢᠯᠡᠴᠢᠯᠡᠭᠡᠨ ᠤ ᠴᠢᠨᠠᠷᠲᠠᠢ ᠪᠠᠶᠢᠷᠢ ᠲᠣᠭᠲᠠᠭᠠᠯᠲᠠ + ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ︾ ᠤ  ᠬᠤᠣᠰ ᠴᠢᠭᠯᠡᠯ ᠢᠶᠠᠷ ᠬᠥᠳᠡᠯᠭᠡᠭᠦᠷ ᠪᠤᠯᠭᠠᠬᠤ ᠵᠠᠭᠪᠤᠷ ᠢ ᠠᠪᠴᠤ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠨᠢᠭᠲᠠ ᠬᠠᠮᠲᠤᠷᠠᠯᠴᠠᠭ᠎ᠠ ᠪᠠᠷ ᠳᠠᠮᠵᠢᠭᠤᠯᠤᠨ  ᠬᠦᠴᠦᠷᠬᠡᠭ ᠶᠡᠭᠡ ᠦᠢᠯᠡᠴᠢᠯᠡᠭᠡᠨ ᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠮᠥᠩᠭᠦᠨ ᠭᠦᠢᠯᠭᠡᠭᠡᠨ ᠤ ᠦᠢᠯᠡᠳᠬᠦᠨ ᠢ ᠨᠡᠶᠢᠲᠡᠯᠡᠬᠦ᠂ ᠠᠵᠤ ᠠᠬᠤᠶᠢᠯᠠᠯ ᠤᠨ ᠪᠡᠯᠡ ᠬᠤᠷᠠᠮᠳᠤᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ᠂ ᠲᠥᠷᠥᠯ ᠵᠦᠢᠯ ᠢ ᠲᠠᠨᠢᠯᠴᠠᠭᠤᠯᠬᠤ᠂ ᠪᠡᠯᠡ ᠬᠤᠷᠠᠮᠳᠤᠭᠤᠯᠭ᠎ᠠ ᠶᠢ ᠵᠣᠯᠭᠠᠭᠤᠯᠬᠤ ᠵᠡᠷᠭᠡ ᠠᠯᠢ ᠣᠯᠠᠨ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ ᠪᠦᠭᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠪᠡᠯᠡ ᠬᠤᠷᠠᠮᠳᠤᠭᠤᠯᠭ᠎ᠠ ᠶᠢᠨ ᠰᠢᠢᠳᠪᠦᠷᠢᠯᠡᠬᠦ ᠲᠥᠰᠥᠯ ᠬᠠᠩᠭᠠᠵᠤ ᠪᠠᠶᠢᠨ᠎ᠠ᠃      ᠣᠶᠢᠯᠠᠭᠠᠭᠰᠠᠨ ᠢᠶᠠᠷ᠂ ᠣᠳᠣᠬᠠᠨ ᠪᠤᠯᠳᠠᠯ᠎ᠠ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ᠂ ᠰᠢᠩ ᠶᠧ ᠪᠠᠩᠬᠢ᠂ ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠵᠡᠷᠭᠡ 11  ᠮᠥᠩᠭᠦᠨ ᠭᠦᠢᠯᠭᠡᠭᠡᠨ ᠤ ᠪᠠᠶᠢᠭᠤᠯᠤᠮᠵᠢ ᠠᠵᠢᠯᠯᠠᠬᠤ ᠥᠷᠲᠡᠭᠡ ᠳᠤ ᠣᠷᠣᠵᠤ᠂ ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠭᠡᠯᠡᠯᠭᠡ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠵᠢᠭᠡᠯᠡᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠳᠬᠠᠯ ᠵᠡᠷᠭᠡ 13 ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠲᠥᠷᠥᠯ ᠤᠨ ᠰᠢᠨ᠎ᠡ ᠶᠢ ᠡᠭᠦᠳᠦᠭᠰᠡᠨ ᠦᠢᠯᠡᠳᠬᠦᠨ ᠢ ᠭᠠᠷᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠣᠯᠠᠨ ᠶᠠᠩᠵᠤᠲᠤ ᠪᠡᠯᠡ ᠬᠤᠷᠠᠮᠳᠤᠭᠤᠯᠭ᠎ᠠ ᠶᠢᠨ ᠬᠡᠷᠡᠭᠴᠡᠭᠡ ᠶᠢ ᠬᠠᠩᠭᠠᠵᠤ ᠪᠠᠶᠢᠨ᠎ᠠ᠃ ᠡᠭᠦᠨ ᠤ ᠬᠠᠮᠲᠤ᠂ ᠮᠧᠩ ᠼᠤᠤ ᠪᠦᠯᠦᠭᠯᠡᠯ᠂ ᠥᠪᠥᠷ ᠮᠣᠩᠭᠤᠯ ᠤᠨ ᠬᠤᠸᠠᠢ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ᠂ ᠭᠦᠭᠡᠬᠤᠲᠠ ᠶᠢᠨ ᠪᠦᠸᠧ ᠶᠠᠩ ᠳᠠᠭᠢᠨ ᠠᠰᠢᠭᠯᠠᠵᠤ ᠪᠤᠯᠬᠤ ᠡᠨᠧᠷᠭᠢ ᠶᠢᠨ ᠬᠢᠵᠠᠭᠠᠷᠲᠤ ᠺᠤᠮᠫᠠᠨᠢ ᠵᠡᠷᠭᠡ 50 ᠭᠠᠷᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠳᠤ ᠨᠡᠶᠢᠲᠡ 13 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠬᠠᠩᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠪᠡᠯᠡ ᠮᠥᠩᠭᠦ ᠶᠢᠨ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠵᠦ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ