| | | ᠵᠣᠴᠢᠨ᠄ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ | ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠵᠤ᠋ ᠵᠢᠶᠧ | ᠰᠤᠷᠪᠤᠯᠵᠢᠯᠠᠭᠰᠠᠨ ᠴᠠᠭ᠄ | 2024 ᠣᠨ ᠤ 8 ᠳ᠋ᠤᠭᠠᠷ ᠰᠠᠷ᠎ᠠ ᠶᠢᠨ 28 ᠤ ᠡᠳᠦᠷ | ᠬᠠᠮᠢᠶᠠᠷᠤᠭᠴᠢ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ | ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠃ | ᠬᠥᠲᠥᠯᠥᠭᠴᠢ᠄ | ᠵᠢᠭᠤᠯᠴᠢᠯᠠᠯ ᠤᠨ ᠦᠢᠯᠡᠰ ᠪᠣᠯ ᠰᠢᠨ᠎ᠡ ᠪᠠᠷ ᠬᠥᠭᠵᠢᠭᠰᠡᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠬᠤ ᠠᠵᠤ ᠦᠢᠯᠡᠰ ᠮᠥᠨ᠂ ᠪᠠᠰᠠ | ᠴᠤ ᠴᠠᠭ ᠦᠶ᠎ᠡ ᠶᠢᠨ ᠢᠯᠡᠳᠲᠡ ᠣᠨᠴᠠᠯᠢᠭ ᠲᠠᠢ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠮᠥᠨ᠃ ᠮᠠᠨ ᠤ | ᠤᠯᠤᠰ ᠤᠨ ᠵᠢᠭᠤᠯᠴᠢᠯᠠᠯ ᠤᠨ ᠬᠥᠭᠵᠢᠯᠲᠡ ᠲᠦᠷᠭᠡᠨ ᠤ ᠵᠠᠮ ᠳᠤ ᠣᠷᠣᠵᠤ᠂ ᠪᠦᠬᠦ ᠳᠡᠯᠡᠬᠡᠢ ᠶᠢᠨ ᠬᠠᠮᠤᠭ ᠤᠨ ᠲᠣᠮᠣ ᠤᠯᠤᠰ ᠤᠨ ᠳᠣᠲᠣᠭᠠᠳᠤ ᠶᠢᠨ | ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠣᠢ ᠪᠣᠯᠭᠠᠪᠠ᠃ ᠬᠥᠬᠡᠬᠤᠲᠠ ᠨᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ | ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠵᠠ ᠵᠠᠪᠰᠢᠶᠠᠨ ᠲᠤᠬᠢᠶᠠᠯᠳᠤᠵᠤ ᠪᠠᠢᠨ᠎ᠠ᠃ | ᠥᠨᠥᠳᠦᠷ ᠪᠢᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ | ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠳᠠᠷᠤᠭ᠎ᠠ ᠵᠦ ᠵᠢᠶᠧ ᠶᠢ ᠣᠨᠴᠠᠭᠠᠶᠢᠯᠠᠨ ᠤᠷᠢᠵᠤ᠂ ︽ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶ ᠶᠢᠨ | ᠬᠥᠭᠵᠢᠯᠲᠡ ᠳᠤ ᠡᠨᠧᠷᠭᠢ ᠣᠯᠭᠤᠶᠠ︾ ᠭᠡᠬᠦ ᠰᠡᠳᠦᠪ ᠤᠨ ᠲᠣᠭᠤᠷᠢᠨ ᠳᠤ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠶ᠎ᠠ᠃ | ᠬᠥᠲᠥᠯᠥᠭᠴᠢ᠄ | ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠵᠢᠭᠤᠯᠴᠢᠯᠠᠯ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠮᠠᠨ ᠤ ᠬᠤᠲᠠ ᠶᠢᠨ ᠵᠢᠭᠤᠯᠴᠢᠯᠠᠯ ᠤᠨ ᠬᠥᠭᠵᠢᠯᠲᠡ ᠲᠦᠷᠭᠡᠨ ᠤ ᠵᠠᠮ ᠳᠤ ᠣᠷᠣᠪᠠ᠃ ᠣᠯᠠᠨ ᠳᠤ ᠮᠠᠨ ᠤ ᠬᠤᠲᠠ ᠶᠢᠨ | ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠳᠡᠮᠵᠢᠭᠰᠡᠨ ᠶᠡᠷᠦᠩᠬᠡᠶ ᠪᠠᠶᠢᠳᠠᠯ ᠢ ᠲᠠᠨᠢᠯᠴᠠᠭᠤᠯᠵᠤ ᠥᠭᠭᠦᠭᠡᠴᠢ᠃ | ᠸᠠᠩ ᠵᠧᠨ ᠵᠢᠶᠠᠩ᠄ | ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠪᠠᠢᠷᠢᠯᠠᠭᠤᠯᠤᠯᠲᠠ ᠶᠣᠰᠣᠭᠠᠷ᠂ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠵᠢᠭᠤᠯᠴᠢᠯᠠᠬᠤ ᠳᠤ ᠲᠣᠬᠢᠷᠠᠮᠵᠢᠲᠠᠢ︾ ᠬᠤᠲᠠ ᠶᠢᠨ ᠲᠥᠯᠥᠪᠵᠢᠭᠦᠯᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠨᠡᠢᠲᠡ ᠶᠢᠨ ᠰᠣᠶᠣᠯ ᠤᠨ | ᠦᠢᠯᠡᠴᠢᠯᠡᠭᠡᠨ ᠳᠠᠬᠢ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠴᠢᠷᠮᠠᠶᠢᠨ ᠲᠡᠭᠦᠯᠳᠡᠷᠵᠢᠭᠦᠯᠵᠦ᠂ ᠰᠣᠶᠣᠯ ᠤᠨ ᠬᠦᠷᠢᠶᠡᠨ ᠤ ᠲᠤᠰᠬᠠᠢ ᠪᠡᠯᠡ | ᠮᠥᠩᠭᠦ ᠶᠢᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠢᠲᠤᠷ ᠨᠠᠢᠳᠠᠪᠤᠷᠢᠵᠢᠭᠤᠯᠵᠤ᠂ ᠤᠳᠬ᠎ᠠ ᠵᠣᠬᠢᠶᠠᠯ ᠤᠷᠠᠯᠢᠭ ᠤᠨ | ᠦᠢᠯᠡᠰ ᠤᠨ ᠬᠥᠭᠵᠢᠯᠲᠡ ᠶᠢ ᠳᠡᠮᠵᠢᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ︽ᠵᠢᠭᠤᠯᠴᠢᠯᠠᠯ ᠢᠶᠠᠷ ᠬᠤᠲᠠ ᠪᠠᠨ ᠮᠠᠨᠳᠤᠭᠤᠯᠬᠤ︾ ᠪᠠᠶᠢᠯᠳᠤᠬᠤ | ᠪᠣᠳᠣᠯᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠪᠣᠳᠠᠲᠠᠢ ᠪᠠᠶᠢᠳᠠᠯ ᠳᠤ ᠲᠦᠰᠢᠭᠯᠡᠨ ︽ᠵᠢᠭᠤᠯᠴᠢᠯᠠᠯ | +︾ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠪᠠ᠃ | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠳᠤ᠄ ︽ᠵᠢᠭᠤᠯᠴᠢᠯᠠᠯ ᠨᠢ | ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠴᠢᠬᠤᠯᠠ ᠠᠴᠢᠶᠠᠯᠠᠪᠤᠷᠢ ᠪᠣᠯᠪᠠ︾ ︽ᠰᠣᠶᠣᠯ ᠪᠠ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ | ᠪᠠᠶᠢᠳᠠᠯ ᠤᠨ ᠠᠭᠤᠰᠤᠯᠴᠠᠯ᠂ ᠦᠢᠯᠡᠳᠬᠦᠨ ᠤ ᠠᠭᠤᠰᠤᠯᠴᠠᠯ᠂ ᠵᠠᠬ᠎ᠠ ᠳᠡᠯᠭᠡᠭᠦᠷ ᠤᠨ ᠠᠭᠤᠰᠤᠯᠴᠠᠯ᠂ ᠦᠢᠯᠡᠴᠢᠯᠡᠭᠡᠨ ᠤ ᠠᠭᠤᠰᠤᠯᠴᠠᠯ ᠢ ᠴᠢᠩᠭᠠᠳᠬᠠᠵᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠥᠭᠵᠢᠯᠲᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠪᠡ︾ ᠭᠡᠵᠦ ᠳᠤᠷᠠᠳᠪᠠ᠃ | 2023 ᠣᠨ ᠳᠤ᠂ ᠬᠥᠬᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠳ ᠢ 5058.10 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ | ᠵᠢᠭᠤᠯᠴᠢᠯᠠᠯ ᠤᠨ ᠶᠡᠷᠦᠩᠬᠡᠢ ᠣᠷᠣᠯᠭ᠎ᠠ 773 ᠳ᠋ᠦᠩᠰᠢᠭᠤᠷ ᠲᠥᠭᠦᠷᠢᠭ ᠬᠦᠷᠴᠡᠢ᠃ ᠳᠡᠭᠡᠷ᠎ᠡ ᠬᠠᠭᠠᠰ ᠵᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠳ | ᠢ ᠨᠡᠶᠢᠲᠡ 2741.4 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 341.49 ᠳ᠋ᠦᠩᠰᠢᠭᠤᠷ ᠲᠥᠭᠦᠷᠢᠭ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.12% ᠢᠶᠠᠷ ᠨᠡᠮᠡᠭᠳᠡᠪᠡ᠃ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠥᠭᠵᠢᠯᠲᠡ ᠶᠢᠨ ᠠᠯᠬᠤᠴᠠ ᠶᠢ | ᠠᠯᠳᠠᠯ ᠦᠭᠡᠢ ᠳᠠᠭᠠᠵᠤ᠂ ᠣᠷᠣᠨ ᠤ ᠲᠥᠪ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠭᠰᠠᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ | ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ ᠳᠤ ︽ᠬᠤᠷᠳᠤᠳᠬᠠᠯ︾ ᠭᠠᠷᠭᠠᠵᠤ᠂ ᠠᠷᠠᠳ ᠣᠯᠠᠨ ᠳᠤ ᠪᠠᠶᠢᠭᠠᠯᠢ ᠶᠢᠨ ᠭᠤᠸ᠎ᠠ ᠰᠠᠶᠢᠬᠠᠨ ᠢ | ᠣᠶᠢᠯᠠᠭᠠᠭᠤᠯᠬᠤ ᠳᠤᠮᠳᠠ ᠰᠣᠶᠣᠯ ᠤᠨ ᠭᠤᠸ᠎ᠠ ᠰᠠᠶᠢᠬᠠᠨ ᠢ ᠮᠡᠳᠡᠷᠡᠭᠦᠯᠵᠦ᠂ ᠣᠶᠤᠨ ᠰᠠᠨᠠᠭᠠᠨ ᠤ ᠭᠤᠸ᠎ᠠ ᠰᠠᠶᠢᠬᠠᠨ ᠢ ᠪᠣᠯᠪᠠᠰᠤᠷᠠᠭᠤᠯᠪᠠ᠃ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠭᠤᠰᠤᠯᠴᠠᠭᠤᠯᠤᠨ ᠬᠥᠭᠵᠢᠭᠦᠯᠵᠦ᠂ ᠣᠷᠣᠨ ᠤ | ᠲᠥᠪ ᠬᠤᠲᠠ ᠶᠢᠨ ᠣᠳᠣ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠦᠴᠦᠷᠬᠡᠭ | ᠬᠤᠲᠠ ᠶᠢ ᠪᠦᠲᠦᠭᠡᠨ ᠪᠠᠶᠢᠭᠤᠯᠵᠤ᠂ ᠮᠠᠨ ᠤ ᠬᠤᠲᠠ ᠶᠢᠨ ᠵᠢᠭᠤᠯᠴᠢᠯᠠᠯ ᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠪᠠ᠃ | ᠬᠥᠲᠥᠯᠥᠭᠴᠢ᠄ | ᠢᠯᠡ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠣᠶᠢᠷ᠎ᠠ ᠶᠢᠨ ᠵᠢᠯ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠰᠣᠶᠣᠯ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠳᠤ ᠦᠵᠡᠭᠦᠯᠬᠦ ᠳᠡᠮᠵᠢᠯᠭᠡ ᠪᠠᠨ ᠲᠠᠰᠤᠷᠠᠯᠲᠠ ᠦᠭᠡᠢ ᠴᠢᠩᠭᠠᠳᠬᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠭᠦᠢᠴᠡᠳ | ᠢᠯᠡᠷᠡᠭᠦᠯᠪᠡ᠃ ᠲᠡᠭᠡᠪᠡᠯ ᠪᠣᠳᠠᠲᠠᠢ ᠪᠠᠷ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ᠂ ᠡᠳ᠋ ᠤᠨ ᠵᠠᠰᠠᠭ ᠠᠴᠠ ᠭᠤᠣᠯ ᠶᠠᠮᠠᠷ ᠶᠠᠮᠠᠷ | ᠠᠵᠢᠯ ᠬᠢᠭᠰᠡᠨ ᠪᠣᠢ︖ | ᠵᠤ᠋ ᠵᠢᠶᠧ᠄ | ᠣᠶᠢᠷ᠎ᠠ ᠶᠢᠨ ᠬᠤᠶᠠᠷ ᠵᠢᠯ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠯᠠᠨ ᠲᠠᠯ᠎ᠠ᠂ ᠣᠯᠠᠨ ᠠᠷᠭ᠎ᠠ ᠵᠠᠮ᠂ ᠣᠯᠠᠨ ᠠᠷᠭ᠎ᠠ ᠬᠡᠮᠵᠢᠶ᠎ᠡ | ᠬᠡᠷᠡᠭᠯᠡᠨ ᠡᠯ᠎ᠡ ᠵᠦᠢᠯ ᠤᠨ ᠪᠡᠯᠡ ᠮᠥᠩᠭᠦ ᠶᠢ ᠢᠳᠡᠪᠬᠢᠲᠡᠢ ᠴᠤᠭᠯᠠᠭᠤᠯᠵᠤ᠂ ᠲᠤᠰ ᠱᠠᠲᠤᠨ ᠤ ᠣᠷᠣᠭᠤᠯᠤᠯᠲᠠ ᠶᠢ ᠴᠢᠷᠮᠠᠶᠢᠨ ᠴᠢᠩᠭᠠᠳᠬᠠᠵᠤ᠂ ᠮᠠᠨ ᠤ | ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠳᠡᠮᠵᠢᠪᠡ᠃ | ᠨᠢᠭᠡ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ | ᠡᠨᠡ ᠵᠢᠯ᠂ ᠬᠤᠲᠠ ᠶᠢᠨ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠵᠢᠯ ᠤᠨ ᠡᠬᠢᠨ ᠳᠤ ᠪᠡᠯᠡ ᠮᠥᠩᠭᠦ 9735.98 ᠲᠦᠮᠡᠨ ᠲᠥᠭᠦᠷᠢᠭ ᠲᠣᠬᠢᠷᠠᠭᠤᠯᠪᠠ᠂ ᠡᠭᠦᠨ ᠳᠤ᠄ ᠵᠢᠭᠤᠯᠴᠢᠯᠠᠯ ᠤᠨ | ᠤᠬᠠᠭᠤᠯᠭ᠎ᠠ ᠶᠢᠨ ᠪᠡᠯᠡ ᠮᠥᠩᠭᠦ 880 ᠲᠦᠮᠡᠨ ᠲᠥᠭᠦᠷᠢᠭ︔ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠡᠯᠡ ᠮᠥᠩᠭᠦ 320 ᠲᠦᠮᠡᠨ ᠲᠥᠭᠦᠷᠢᠭ | ︔ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠥᠷᠲᠡᠭᠡ︶ ᠶᠢᠨ ᠢᠵᠢ ᠪᠦᠷᠢᠳᠦᠭᠦᠯᠬᠦ ᠪᠡᠯᠡ ᠮᠥᠩᠭᠦ 94 ᠲᠦᠮᠡᠨ | ᠲᠥᠭᠦᠷᠢᠭ︔ ᠡᠯ᠎ᠡ ᠵᠦᠢᠯ ᠤᠨ ᠴᠢᠬᠤᠯᠠ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠪᠡᠯᠡ ᠮᠥᠩᠭᠦ 1300 ᠭᠠᠷᠤᠶ ᠲᠦᠮᠡᠨ ᠲᠥᠭᠦᠷᠢᠭ᠃ | ᠰᠣᠶᠣᠯ ᠢ ᠤᠯᠠᠮᠵᠢᠯᠠᠬᠤ ᠠᠵᠢᠯᠯᠠᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠬᠥᠷᠥᠩᠭᠡ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ︽ | ᠮᠦᠽᠧᠶ ᠶᠢᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠲᠠᠰ ᠳᠡᠪᠰᠢᠭᠦᠯᠬᠦ᠂ | ᠰᠣᠶᠣᠯ ᠤᠨ ᠲᠠᠪᠤᠨ ᠣᠷᠳᠣᠨ ︵ᠨᠣᠮ ᠤᠨ ᠰᠠᠩ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠮᠦᠽᠧᠶ᠂ ᠳᠤᠷᠠᠰᠬᠠᠯ ᠤᠨ ᠣᠷᠳᠣᠨ︶ ᠢ | ᠰᠦᠢᠳᠬᠡᠯ ᠬᠤᠷᠢᠶᠠᠬᠤ ᠥᠬᠡᠶ ᠪᠠᠷ ᠴᠢᠯᠥᠭᠡᠲᠡᠶ ᠨᠡᠭᠡᠭᠡᠬᠦ᠂ ᠴᠢᠨᠠᠷ ᠰᠠᠶᠢᠲᠠᠶ ᠣᠯᠠᠨ ᠨᠡᠶᠢᠲᠡ ᠶᠢᠨ ᠰᠣᠶᠣᠯ ᠤᠨ ᠣᠷᠣᠨ ᠵᠠᠶ ᠶᠢ ᠪᠣᠶ ᠪᠣᠯᠭᠠᠬᠤ ᠶᠢ ᠪᠥᠬᠦ | ᠬᠦᠴᠦᠨ ᠢᠶᠠᠷ ᠢᠶᠠᠨ ᠳᠡᠮᠵᠢᠪᠡ᠃ ︽ᠬᠤᠨ ᠭᠠᠯᠠᠭᠤ ᠤᠩᠰᠢᠯᠭ᠎ᠠ︾ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠣᠮ ᠤᠨ ᠰᠠᠩ ᠤᠨ ᠶᠡᠷᠦᠩᠬᠡᠶ ᠣᠷᠳᠣᠨ | ᠬᠤᠪᠢᠶᠠᠷᠢ ᠣᠷᠳᠣᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠨᠣᠮ ᠤᠨ ᠥᠷᠥᠭᠡ᠂ ᠲᠠᠯ᠎ᠠ ᠨᠤᠲᠤᠭ ᠤᠨ ᠨᠣᠮ ᠤᠨ ᠥᠷᠥᠭᠡ | ᠵᠡᠷᠭᠡ 500 ᠭᠠᠷᠤᠶ ᠬᠤᠲᠠ ᠶᠢᠨ ᠠᠷᠠᠳ ᠤᠨ ᠭᠡᠷ ᠤᠨ ᠡᠭᠦᠳᠡᠨ ᠳᠠᠬᠢ ︽ᠰᠣᠶᠣᠯ ᠤᠨ ᠵᠣᠴᠢᠨ ᠤ ᠲᠢᠩᠬᠢᠮ︾ ᠢ ᠪᠠᠶᠢᠭᠤᠯᠵᠤ᠂ ︽ᠰᠦᠯᠵᠢᠶᠡᠨ ᠳᠡᠭᠡᠷᠡᠬᠢ | + ᠰᠦᠯᠵᠢᠶᠡᠨ ᠭᠠᠳᠠᠨᠠᠬᠢ︾ ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃ ᠱᠤᠭᠤᠮᠠᠯ ᠤᠨ ᠤᠷᠠᠯᠢᠭ ᠤᠨ ᠣᠷᠳᠣᠨ ᠵᠡᠷᠭᠡ ᠰᠣᠶᠣᠯ ᠤᠨ ᠲᠠᠯᠠᠪᠤᠷ ᠲᠤ | ᠰᠣᠶᠣᠯ ᠤᠨ ᠪᠦᠲᠦᠭᠡᠯᠴᠢ ᠳᠡᠯᠭᠡᠭᠦᠷ᠂ ᠣᠨᠴᠠᠯᠢᠭᠲᠤ ᠢᠳᠡᠭᠡᠨ ᠤᠮᠳᠠᠭᠠᠨ ᠵᠡᠷᠭᠡ ᠦᠢᠯᠡᠴᠢᠯᠡᠭᠡ ᠶᠢ ᠲᠣᠬᠢᠷᠠᠭᠤᠯᠪᠠ᠃ ᠤᠳᠬ᠎ᠠ ᠤᠷᠠᠯᠢᠭ ᠤᠨ ᠰᠣᠳᠣᠨ | ᠪᠦᠲᠦᠭᠡᠯ ᠢ ᠵᠣᠬᠢᠶᠠᠨ ᠪᠦᠲᠦᠭᠡᠬᠦ᠂ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠬᠦ᠂ ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ ᠪᠤᠰᠤ ᠰᠣᠶᠣᠯ ᠤᠨ | ᠥᠪ ᠢ ᠬᠠᠮᠠᠭᠠᠯᠠᠬᠤ ᠵᠡᠷᠭᠡ ᠲᠥᠷᠥᠯ ᠵᠦᠢᠯ ᠢ ᠥᠷᠨᠢᠭᠦᠯᠬᠦ ᠶᠢ ᠴᠢᠬᠤᠯᠠᠴᠢᠯᠠᠪᠠ᠃ ᠰᠣᠶᠣᠯ ᠤᠨ ᠠᠵᠢᠯ ᠢ ᠨᠠᠷᠢᠯᠢᠭ ᠭᠦᠨᠵᠡᠭᠡᠢ ᠰᠠᠶᠢᠲᠤᠷ ᠬᠢᠬᠦ ᠳᠤ ᠪᠠᠲᠤ | ᠪᠠᠬᠢ ︽ᠠᠷᠤ ᠲᠠᠯ᠎ᠠ ᠶᠢᠨ ᠦᠢᠯᠡᠴᠢᠯᠡᠭᠡ︾ ᠶᠢᠨ ᠪᠠᠲᠤᠯᠠᠭ᠎ᠠ ᠬᠠᠩᠭᠠᠵᠤ᠂ ᠮᠠᠨ ᠤ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ | ᠬᠦᠴᠦ ᠨᠡᠮᠡᠷᠢ ᠪᠣᠯᠪᠠ᠃ | ᠬᠤᠶᠠᠷ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠶ ᠴᠢᠷᠮᠠᠶᠢᠨ ᠣᠯᠵᠤ᠂ ᠰᠢᠯᠵᠢᠭᠦᠯᠦᠨ ᠲᠥᠯᠥᠬᠦ ᠪᠡᠯᠡ ᠮᠥᠩᠭᠦ ᠶᠢ ᠰᠠᠶᠢᠲᠤᠷ ᠬᠡᠷᠡᠭᠯᠡᠪᠡ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠥᠳᠡᠯᠦᠯᠴᠡᠬᠦ ᠪᠠᠨ ᠴᠢᠩᠭᠠᠳᠭᠠᠵᠤ᠂ | ᠵᠢᠭᠤᠯᠴᠢᠯᠠᠯ ᠤᠨ ᠣᠷᠴᠢᠨ ᠲᠣᠭᠤᠷᠢᠨ ᠤ ᠨᠥᠬᠦᠴᠡᠯ ᠢ ᠶᠡᠬᠡᠪᠡᠷ ᠳᠡᠭᠡᠭᠰᠢᠯᠡᠭᠦᠯᠪᠡ᠃ ᠣᠲᠣ ᠪᠣᠯᠲᠠᠯ᠎ᠠ᠂ ᠨᠢᠭᠡᠨᠲᠡ 14 ᠵᠦᠢᠯ ᠤᠨ ᠳᠡᠭᠡᠳᠦ ᠱᠠᠲᠤᠨ ᠤ | ᠰᠣᠶᠣᠯ ᠵᠢᠭᠤᠯᠴᠢᠯᠠᠯ ᠤᠨ ᠰᠢᠯᠵᠢᠭᠦᠯᠦᠨ ᠲᠥᠯᠥᠬᠦ ᠪᠠᠯᠠ ᠮᠥᠩᠭᠦ ᠶᠢ 12557.26 ᠲᠦᠮᠡᠨ ᠲᠥᠭᠦᠷᠢᠭ ᠣᠯᠵᠤ᠂ ᠠᠯᠢ ᠣᠯᠠᠨ ᠭᠤᠤᠯᠳᠠᠯᠭ᠎ᠠ ᠲᠠᠢ | ᠲᠥᠷᠥᠯ ᠵᠦᠢᠯ ᠢ ᠬᠦᠴᠦᠲᠡᠶ ᠳᠡᠮᠵᠢᠪᠡ᠃ ᠡᠭᠦᠨ ᠤ ᠬᠠᠮᠲᠤ ᠪᠠᠯᠠ ᠮᠥᠩᠭᠦ ᠥᠭᠬᠦ ᠶᠠᠪᠤᠴᠠ ᠳᠤ᠂ ᠪᠠᠯᠠ ᠮᠥᠩᠭᠦ ᠥᠭᠬᠦ ᠠᠬᠢᠴᠠ ᠶᠢ ᠬᠦᠴᠦᠯᠡᠨ | ᠳᠡᠭᠡᠭᠰᠢᠯᠡᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠴᠢᠬᠤᠯᠠᠴᠢᠯᠠᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ | ᠪᠣᠯᠭᠠᠬᠤ ᠶᠢ ᠦᠨᠡᠨ ᠬᠦ ᠪᠠᠲᠤᠯᠠᠪᠠ᠃ | ᠭᠤᠷᠪᠠ᠂ ᠰᠣᠶᠣᠯ ᠵᠢᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠳᠠᠮᠵᠢᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤᠪᠠᠷ ᠬᠦᠷᠲᠡᠪᠡ | 2024 ᠣᠨ ᠳᠤ᠂ ᠬᠤᠲᠠ ᠶᠢᠨ ᠡᠳ᠋ ᠤᠨ ᠵᠠᠰᠠᠭ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ᠂ ᠬᠥᠬᠡᠬᠤᠲᠠ ᠶᠢᠨ ᠰᠣᠶᠣᠯ | ᠵᠢᠭᠤᠯᠴᠢᠯᠠᠯ ᠤᠨ ᠵᠥᠭᠡᠯᠡᠨ ᠪᠣᠳᠠᠲᠤ ᠬᠦᠴᠦᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ ᠵᠢᠯ ᠤᠨ ᠡᠬᠢᠨ ᠳᠤ 870 ᠲᠦᠮᠡᠨ ᠲᠥᠭᠦᠷᠢᠭ ᠤᠨ ᠪᠠᠯᠠ | ᠮᠥᠩᠭᠦ ᠳᠣᠭᠢᠷᠠᠭᠤᠯᠵᠤ᠂ 2024 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠢ ᠪᠥᠬᠦ ᠬᠦᠴᠦᠨ ᠢᠶᠠᠷ ᠢᠶᠠᠨ ᠳᠡᠮᠵᠢᠪᠡ᠃ ᠣᠶᠢᠷ᠎ᠠ ᠶᠢᠨ ᠬᠤᠭᠤᠴᠠᠭᠠᠨ ᠳᠤ᠂ ᠠᠷᠪᠠᠳᠤᠭᠠᠷ ᠬᠤᠭᠤᠴᠠᠭᠠᠨ ᠤ ᠮᠦᠽᠧᠢ ᠶᠢᠨ ᠦᠵᠡᠰᠬᠦᠯᠡᠩ ᠤᠨ | ᠴᠤᠭᠯᠠᠭᠠᠨ᠂ ᠬᠤᠷᠢᠨ ᠲᠠᠪᠤᠳᠤᠭᠠᠷ ᠬᠤᠭᠤᠴᠠᠭᠠᠨ ᠤ ᠵᠤᠤ ᠵᠢᠶᠦ᠋ᠨ ᠤ ᠰᠣᠶᠣᠯ ᠤᠷᠠᠯᠢᠭ ᠤᠨ ᠨᠠᠶᠢᠷ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢᠨ | ᠲᠥᠯᠥᠭᠡ᠂ 1030 ᠲᠦᠮᠡᠨ ᠲᠥᠭᠦᠷᠢᠭ ᠤᠨ ᠪᠡᠯᠡ ᠮᠥᠩᠭᠦ ᠢᠳᠡᠪᠬᠢᠲᠡᠢ ᠴᠤᠭᠯᠠᠭᠤᠯᠵᠤ᠂ ᠬᠤᠶᠠᠷ ᠶᠡᠭᠡ ᠠᠵᠢᠯᠯᠠᠭ᠎ᠠ ᠶᠢ ᠬᠥᠭᠵᠢᠶᠡᠨᠲᠡᠢ ᠥᠷᠨᠢᠭᠦᠯᠬᠦ ᠳᠤ | ᠬᠦᠴᠦᠨ ᠨᠡᠮᠡᠷᠢᠯᠡᠵᠦ᠂ ᠪᠣᠭᠤᠮᠲᠠ ᠶᠢᠨ ᠭᠠᠳᠠᠨᠠᠬᠢ ᠬᠥᠬᠡᠬᠤᠲᠠ ᠶᠢᠨ ᠠᠯᠳᠠᠷᠰᠢᠯ ᠢ ᠳᠠᠬᠢᠨᠲᠠ ᠠᠯᠳᠠᠷᠰᠢᠭᠤᠯᠵᠤ᠂ ᠣᠷᠣᠨ ᠤ ᠲᠥᠪ ᠬᠤᠲᠠ ᠶᠢ ᠬᠥᠮᠥᠰ ᠤᠨ | ᠠᠩᠬᠠᠷᠤᠯ ᠳᠤ ᠬᠦᠷᠭᠡᠵᠦ᠂ ᠲᠠᠯ᠎ᠠ ᠨᠤᠲᠤᠭ ᠤᠨ ᠬᠤᠳᠠ ᠶᠢᠨ ᠢᠷᠠᠭᠤ ᠠᠯᠳᠠᠷ ᠢ ᠣᠯᠪᠠ᠃ | ᠬᠥᠲᠥᠯᠥᠭᠴᠢ᠄ | ᠡᠳ᠋ ᠦᠨᠵᠠᠰᠠᠭ ᠠᠴᠠ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠬᠦᠴᠦᠷᠬᠡᠭ ᠶᠡᠭᠡ ᠪᠡᠯᠡ ᠮᠥᠩᠭᠦ ᠶᠢᠨ ᠪᠠᠲᠤᠯᠠᠭ᠎ᠠ ᠶᠢᠨ | ᠦᠢᠯᠡᠳᠦᠯ ᠭᠠᠷᠭᠠᠭᠰᠠᠨ ᠶᠤᠮ ᠪᠠᠶᠢᠨ᠎ᠠ᠂ ᠮᠥᠨᠴᠦ ᠪᠢᠳᠠᠨ ᠳᠤ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠠᠵᠢᠯ ᠢ ᠳᠡᠮᠵᠢᠭᠰᠡᠨ ᠲᠤᠬᠠᠢ ᠨᠡᠩ ᠰᠢᠨ᠎ᠡ | ᠣᠶᠢᠯᠠᠭᠠᠯᠲᠠ ᠣᠯᠭᠤᠯ᠎ᠠ᠃ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠮᠵᠢᠭᠰᠡᠨ ᠰᠢᠨ᠎ᠡ ᠦᠷ᠎ᠡ ᠪᠦᠲᠦᠭᠡᠯ ᠠᠴᠠ ᠪᠢᠳᠠᠨ ᠳᠤ | ᠪᠣᠳᠠᠲᠠᠢ ᠶᠠᠷᠢᠵᠤ ᠥᠭᠭᠦᠨ᠎ᠡ ᠤᠤ︖ | ᠵᠤ᠋ ᠵᠢᠶᠧ᠄ | ᠡᠳ᠋ ᠤᠨ ᠵᠠᠰᠠᠭ ᠠᠴᠠ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ ᠳᠡᠮᠵᠢᠵᠦ᠂ ᠶᠠᠷᠢᠶᠠᠨ ᠦᠭᠡᠢ ᠶᠡᠭᠡ ᠰᠠᠶᠢᠨ | ᠬᠥᠭᠵᠢᠯᠲᠡ ᠶᠢᠨ ᠦᠷ᠎ᠡ ᠪᠦᠲᠦᠭᠡᠯ ᠣᠯᠣᠭᠰᠠᠨ ᠶᠤᠮ᠂ ᠳᠣᠣᠷ᠎ᠠ ᠪᠢ ᠭᠤᠣᠯᠳᠠᠭᠤ ᠳᠦᠷᠪᠡᠨ ᠲᠠᠯ᠎ᠠ ᠠᠴᠠ ᠣᠯᠠᠨ ᠳᠤ ᠲᠠᠨᠢᠯᠴᠠᠭᠤᠯᠤᠶ᠎ᠠ᠃ | ᠨᠢᠭᠡ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠰᠢᠰᠲ᠋ᠧᠮᠵᠢ ᠤᠯᠠᠮ ᠲᠡᠭᠦᠯᠳᠡᠷᠵᠢᠪᠡ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠵᠢᠭᠤᠯᠴᠢᠯᠠᠯ ᠤᠨ ᠬᠥᠭᠵᠢᠯᠲᠡ ᠶᠢ | ᠲᠡᠭᠦᠯᠳᠡᠷᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠢᠶᠠᠷ ᠭᠤᠤᠯ ᠪᠣᠯᠭᠠᠨ᠂ ︽ᠨᠢᠭᠡ ᠬᠤᠩᠬᠢᠯ᠂ ᠬᠤᠶᠠᠷ ᠲᠡᠩᠭᠡᠯᠢᠭ · ᠭᠤᠷᠪᠠᠨ ᠪᠦᠰᠡ︾ ᠶᠢᠨ ᠪᠥᠬᠦ | ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠶᠢᠨ ᠲᠣᠭᠤᠷᠢᠨ ᠳᠤ ᠶᠡᠭᠡ ᠬᠦᠴᠦ ᠣᠷᠣᠭᠤᠯᠤᠨ ᠴᠢᠬᠤᠯᠠ ᠶᠡᠭᠡ | ᠲᠥᠷᠥᠯ ᠵᠦᠢᠯ᠂ ᠴᠢᠬᠤᠯᠠ ᠶᠡᠭᠡ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠪᠡ᠃ ᠳᠠᠯᠠᠨ ᠬᠠᠷ᠎ᠠ ᠠᠭᠤᠯᠠ ᠶᠢᠨ | ᠠᠮᠢ ᠠᠬᠤᠶ ᠶᠢᠨ ᠵᠢᠭᠤᠯᠴᠢᠯᠠᠯ ᠤᠨ ᠪᠦᠰᠡ᠂ ᠴᠡᠯᠡᠭᠡᠷ ᠲᠠᠯ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢᠶᠠᠷ | ᠦᠨᠡᠯᠡᠭᠳᠡᠵᠦ᠂ ᠠᠳᠤᠭᠤᠨ ᠰᠣᠶᠣᠯ ᠢ ᠪᠡᠶᠡᠴᠢᠯᠡᠨ ᠣᠶᠢᠯᠠᠭᠠᠬᠤ᠂ ᠰᠣᠶᠣᠯ ᠤᠨ ᠲᠣᠭᠯᠠᠯᠲᠠ ᠤᠷᠠᠯᠢᠭ᠂ ᠴᠡᠯᠡᠭᠡᠷ ᠲᠠᠯ᠎ᠠ ᠶᠢᠨ ᠦᠨᠦᠷ ᠠᠮᠲᠠ ᠵᠡᠷᠭᠡ | ᠪᠡᠶᠡᠴᠢᠯᠡᠨ ᠣᠶᠢᠯᠠᠭᠠᠬᠤ ᠡᠵᠡᠩᠨᠡᠯᠲᠡ ᠶᠢᠨ ᠬᠡᠯᠪᠡᠷᠢ ᠪᠠᠶᠢᠳᠠᠯ᠂ ︽ᠴᠡᠯᠡᠭᠡᠷ ᠲᠠᠯ᠎ᠠ ᠶᠢᠨ ᠬᠤᠸᠠ ᠢ ᠠᠬ᠎ᠠ ᠳᠡᠭᠦᠤ ᠣᠳᠣᠨ ᠲᠢᠶᠠᠲᠷ︾ ᠢ ︽ᠴᠡᠯᠡᠭᠡᠷ | ᠲᠠᠯ᠎ᠠ ᠶᠢᠨ ᠣᠳᠣᠨ ᠦᠵᠡᠮᠵᠢ︾ ᠪᠣᠯᠭᠠᠨ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠤᠨ ᠡᠵᠡᠩᠨᠡᠵᠦ᠂ ᠲᠣᠭᠯᠠᠯᠲᠠ ᠶᠢᠨ ᠤᠷᠠᠯᠢᠭ ᠤᠨ ᠲᠢᠶᠠᠲᠷ᠂ ᠢᠳᠡᠭᠡᠨ | ᠤᠮᠳᠠᠭᠠᠨ ᠤ ᠵᠡᠭᠡᠯᠢ ᠲᠣᠭᠤᠷᠢᠭ ᠵᠡᠷᠭᠡ ᠲᠤᠯᠤᠭᠠᠨ ᠶᠡᠭᠡ ᠬᠡᠰᠡᠭ ᠢ ᠪᠠᠶᠢᠭᠤᠯᠵᠤ᠂ ︽ᠴᠡᠯᠡᠭᠡᠷ ᠲᠠᠯ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ | ᠬᠦᠴᠦᠨ ᠢ ᠡᠳᠦᠷ ᠢᠷᠡᠬᠦᠶ᠎ᠡ ᠥᠷᠭᠡᠳᠬᠡᠪᠡ᠃ ︽ᠱᠧᠩ ᠱᠦᠢ ᠯᠢᠶᠠᠩ - ᠵᠢᠦ ᠯᠦᠩ ᠸᠠᠨ︾ ᠦᠵᠡᠮᠵᠢ ᠶᠢᠨ ᠣᠷᠣᠨ ᠢ ᠨᠢᠭᠡ ᠴᠣᠭᠴᠠᠵᠢᠭᠤᠯᠤᠨ ᠡᠵᠡᠩᠨᠡᠬᠦ | ᠂ ᠡᠭᠦᠳᠡᠨ ᠪᠢᠯᠧᠲ ᠢ ᠬᠠᠷᠢᠯᠴᠠᠨ ᠲᠠᠨᠢᠬᠤ᠂ ᠠᠭᠤᠯᠠᠨ ᠭᠠᠵᠠᠷ ᠤᠨ ᠰᠢᠳᠦᠨ ᠵᠠᠮ ᠤᠨ ᠭᠠᠯᠲᠤ ᠲᠡᠷᠭᠡ᠂ ᠲᠡᠮᠳᠡᠭ ᠫᠠᠶᠢᠰᠠ ᠵᠡᠷᠭᠡ ᠢᠵᠢ ᠪᠦᠷᠢᠳᠦᠭᠦᠯᠬᠦ | ᠲᠥᠷᠥᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠬᠠᠲᠤᠨ ᠭᠤᠤᠯ ᠣᠷᠳᠣ ᠴᠠᠭᠠᠨ ᠬᠡᠷᠡᠮ ᠤᠨ ᠥᠩᠭᠡ ᠦᠵᠡᠮᠵᠢ ᠶᠢᠨ ᠪᠦᠰᠡ ᠶᠢ ᠡᠭᠦᠳᠦᠨ | ᠪᠠᠶᠢᠭᠤᠯᠵᠤ᠂ ᠯᠣᠣ ᠨᠢᠦ ᠸᠠᠨ ᠤ ᠬᠠᠲᠤᠨ ᠭᠤᠤᠯ ᠤᠨ ᠶᠡᠭᠡ ᠬᠠᠪᠴᠢᠯ ᠢ ᠤᠯᠤᠰ ᠤᠨ 5A ᠲᠠᠰ ᠤᠨ ᠦᠵᠡᠮᠵᠢ ᠶᠢᠨ ᠣᠷᠣᠨ ᠪᠣᠯᠭᠠᠨ ᠡᠭᠦᠳᠦᠨ | ᠪᠠᠶᠢᠭᠤᠯᠬᠤ ᠶᠢ ᠳᠥᠯᠭᠢᠨ ᠠᠬᠢᠭᠤᠯᠵᠤ᠂ ᠹᠧᠩ ᠵᠢᠶᠠ ᠲᠠ ᠠᠴᠠ ᠯᠤᠤ ᠨᠢᠦ ᠸᠠᠨ ᠬᠦᠷᠬᠦ ᠵᠠᠰᠠᠮᠠᠯ ᠵᠠᠮ ᠵᠡᠷᠭᠡ 13 ᠲᠥᠷᠥᠯ ᠵᠦᠢᠯ ᠢ ᠨᠢᠭᠡᠨᠲᠡ ᠳᠠᠭᠤᠰᠬᠠᠵᠤ | ᠂ ᠶᠠᠭ ᠦᠵᠡᠮᠵᠢ ᠶᠢᠨ ᠣᠷᠣᠨ ᠤ ᠨᠣᠭᠤᠭᠠᠷᠠᠭᠤᠯᠤᠯᠲᠠ᠂ ᠶᠠᠪᠠᠭᠠᠨ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠢᠳᠡᠪᠬᠢᠲᠡᠶ ᠳᠥᠯᠭᠢᠨ | ᠠᠬᠢᠭᠤᠯᠵᠤ᠂ ᠪᠥᠬᠦ ᠬᠤᠲᠠ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠡᠭᠦᠷᠭᠡ ᠪᠠᠨ ᠨᠢᠭᠡᠨᠲᠡ ᠳᠠᠭᠠᠭᠠᠨ ᠠᠪᠴᠤ᠂ | ᠵᠢᠱᠢᠯᠲᠡ ᠪᠠᠷ 9 ᠳ᠋ᠤᠭᠠᠷ ᠰᠠᠷ᠎ᠠ ᠳᠤ ᠰᠣᠶᠣᠯ ᠵᠢᠭᠤᠯᠴᠢᠯᠠᠯ ᠤᠨ ᠶᠠᠮᠤᠨ ᠳᠤ ᠳᠡᠪᠰᠢᠭᠦᠯᠵᠦ ᠲᠤᠬᠠᠶ ᠶᠢᠨ ᠭᠠᠵᠠᠷ ᠲᠤᠨᠢ ᠰᠢᠯᠭᠠᠭᠤᠯᠬᠤ ᠪᠠᠷ ᠪᠠᠶᠢᠨ᠎ᠠ᠃ ᠣᠷᠳᠣ | ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠶ ᠶᠢᠨ ᠭᠤᠤᠯ ᠪᠠᠷᠢᠯᠭ᠎ᠠ ᠶᠢ ᠳᠠᠭᠤᠰᠬᠠᠵᠤ᠂ ᠶᠠᠭ | ᠴᠡᠴᠡᠷᠯᠢᠭ ᠨᠡᠭᠡᠭᠡᠬᠦ ᠶᠣᠰᠣᠯᠠᠯ ᠳᠤ ᠪᠡᠯᠡᠳᠬᠡᠵᠦ ᠪᠠᠶᠢᠨ᠎ᠠ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭ ᠪᠦᠰᠡ ᠳᠤ ᠰᠣᠶᠣᠯ ᠵᠢᠭᠤᠯᠴᠢᠯᠠᠯ ᠤᠨ | ᠦᠢᠯᠡᠰ ᠢ ᠣᠷᠣᠭᠤᠯᠬᠤ ᠶᠢ ᠠᠬᠢᠭᠤᠯᠤᠨ᠂ ᠵᠠᠮ ᠳᠠᠭᠠᠤ ᠬᠡᠭᠡᠷ᠎ᠡ ᠪᠠᠭᠤᠳᠠᠯᠯᠠᠬᠤ ᠭᠠᠵᠠᠷ ᠢ ᠪᠠᠶᠢᠭᠤᠯᠵᠤ᠂ ᠶᠡᠭᠡ ᠲᠦᠷᠭᠡᠨ ᠭᠤᠣᠯ ᠤᠨ ᠴᠡᠷᠢᠭ ᠤᠨ | ᠶᠠᠪᠤᠳᠠᠯ ᠤᠨ ᠰᠣᠶᠣᠯ ᠤᠨ ᠴᠡᠴᠡᠷᠯᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠡᠭᠡᠷ᠎ᠡ ᠪᠠᠭᠤᠳᠠᠯᠯᠠᠬᠤ ᠠᠵᠤ ᠠᠬᠤᠢ᠂ ᠠᠶᠢᠯ | ᠪᠠᠭᠤᠴᠠ ᠶᠢᠨ ᠠᠵᠤ ᠠᠬᠤᠢ ᠥᠷᠨᠢᠨ ᠬᠥᠭᠵᠢᠵᠦ᠂ ᠵᠢᠭᠤᠯᠴᠢᠯᠠᠭᠴᠢᠳ ᠢ ᠨᠡᠶᠢᠲᠡ 80 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ | ᠣᠷᠣᠯᠭ᠎ᠠ ᠳ᠋ᠦᠩᠰᠢᠭᠤᠷ ᠲᠥᠭᠦᠷᠢᠭ ᠢ ᠳᠠᠪᠠᠪᠠ᠃ ︽ᠰᠥᠨᠢ ᠶᠢᠨ ᠵᠢᠭᠤᠯᠴᠢᠯᠠᠯ︾ ᠤᠨ ᠬᠡᠷᠡᠭᠯᠡᠭᠡᠨ ᠤ ᠭᠤᠣᠯ ᠣᠷᠣᠨ ᠢ ᠪᠣᠶᠢᠵᠢᠭᠤᠯᠪᠠ᠃ ᠪᠣᠭᠤᠮᠲᠠ ᠶᠢᠨ | ᠬᠠᠭᠤᠴᠢᠨ ᠵᠡᠭᠡᠯᠢ᠂ ᠣᠪᠣᠭ᠎ᠠ ᠲᠣᠰᠬᠤᠨ ᠵᠡᠷᠭᠡ 2 ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ | ᠡᠭᠦᠳᠦᠨ ᠪᠠᠶᠢᠭᠤᠯᠵᠤ᠂ ᠮᠤᠷᠤᠢ ᠭᠤᠳᠤᠮᠵᠢ᠂ ᠥᠷᠭᠡᠨ ᠭᠤᠳᠤᠮᠵᠢ ᠵᠡᠷᠭᠡ ︽ᠠᠷᠪᠠᠨ ᠶᠡᠭᠡ ᠰᠥᠨᠢ ᠶᠢᠨ ᠵᠢᠭᠤᠯᠴᠢᠯᠠᠯ ᠤᠨ ᠭᠠᠵᠠᠷ︾ ᠢ ᠪᠠᠶᠢᠭᠤᠯᠵᠤ᠂ ︽ | ᠳᠠᠭᠤᠤ ᠬᠥᠭᠵᠢᠮ ᠠᠮᠲᠠᠲᠤ ᠢᠳᠡᠭᠡᠨ ᠤ ᠤᠯᠠᠷᠢᠯ︾᠂ ︽ᠮᠢᠩᠭᠠᠨ ᠣᠨ ᠤ ᠵᠣᠣ ᠵᠢᠶᠦ᠋ᠨ ᠤ ᠮᠠᠭᠲᠠᠭᠠᠯ︾ ᠵᠡᠷᠭᠡ ᠰᠣᠶᠣᠯ ᠵᠢᠭᠤᠯᠴᠢᠯᠠᠯ ᠤᠨ | ᠬᠤᠳᠠᠯᠳᠤᠭᠠᠨ ᠤ ᠣᠯᠠᠨ ᠡᠰᠢᠲᠦ ᠠᠭᠤᠰᠤᠯᠴᠠᠯ ᠤᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠪᠠ᠃ | ᠬᠤᠶᠠᠷ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠦᠷᠭᠦᠯᠵᠢᠯᠡᠨ ᠭᠦᠨᠵᠡᠭᠡᠶᠢᠷᠡᠪᠡ | ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠤᠨ ᠣᠨᠴᠠᠯᠢᠭ ᠢ ᠭᠦᠨᠵᠡᠭᠡᠶ ᠠᠭᠤᠳᠠᠯᠵᠤ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠪᠠ᠃ ᠨᠢᠭᠡ ᠳᠤ ︽ᠰᠣᠶᠣᠯ ᠵᠢᠭᠤᠯᠴᠢᠯᠠᠯ + ᠲᠠᠷᠢᠶᠠᠯᠠᠩ︾ ᠢ ᠬᠥᠭᠵᠢᠭᠦᠯᠪᠡ᠃ | ᠰᠡᠩᠭᠡ ᠶᠢᠨ ᠠᠶᠢᠯ ᠲᠣᠰᠬᠤᠨ ᠵᠡᠷᠭᠡ ᠥᠪᠡᠷᠲᠡᠭᠡᠨ ᠵᠠᠰᠠᠬᠤ ᠣᠷᠣᠨ ᠤ ᠲᠡᠰ ᠤᠨ 4 ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ | ᠲᠣᠰᠬᠤᠨ ᠢ ᠪᠠᠶᠢᠭᠤᠯᠵᠤ᠂ ᠰᠡᠩᠭᠡ ᠶᠢᠨ ᠠᠶᠢᠯ ᠲᠣᠰᠬᠤᠨ᠂ ᠬᠠᠰᠢᠶᠠᠲᠤ ᠲᠣᠰᠬᠤᠨ ᠵᠡᠷᠭᠡ 2 ᠵᠢᠭᠤᠯᠴᠢᠯᠠᠯ ᠤᠨ ᠱᠤᠭᠤᠮ ᠨᠢ ᠰᠣᠶᠣᠯ ᠵᠢᠭᠤᠯᠴᠢᠯᠠᠯ ᠤᠨ | ᠶᠠᠮᠤᠨ ᠤ ︽ᠦᠵᠡᠰᠬᠦᠯᠡᠩᠲᠦ ᠰᠠᠶᠢᠬᠠᠨ ᠬᠠᠪᠤᠷ ᠤᠨ ᠲᠤᠶᠠᠭᠠᠲᠤ ᠵᠠᠮ ᠳᠡᠭᠡᠷ᠎ᠡ︾ ᠪᠠ ︽ᠬᠦᠴᠦᠯᠢᠭ ᠵᠦᠷᠵᠢ ᠶᠢᠨ ᠰᠢᠷ᠎ᠠ ᠵᠦᠷᠵᠢ ᠶᠢᠨ ᠨᠣᠭᠤᠭᠠᠨ ᠬᠥᠳᠡᠭᠡ | ᠲᠣᠰᠬᠤᠨ ᠤ ᠦᠵᠡᠮᠵᠢ︾ ᠶᠢᠨ ᠭᠤᠣᠯ ᠰᠡᠳᠦᠪᠲᠦ ᠵᠠᠮ ᠱᠤᠭᠤᠮ ᠢᠶᠠᠷ ᠰᠣᠩᠭᠤᠭᠳᠠᠵᠤ᠂ ᠬᠥᠳᠡᠭᠡ ᠲᠣᠰᠬᠤᠨ ᠤ ᠵᠢᠭᠤᠯᠴᠢᠯᠠᠯ ᠨᠢ ᠬᠤᠳᠠ ᠶᠢᠨ ᠰᠠᠭᠤᠭᠠᠯᠢ | ᠠᠷᠠᠳ ᠤᠨ ᠭᠠᠷᠠᠭ ᠤᠨ ᠰᠡᠭᠦᠯᠴᠢ ᠶᠢᠨ ᠰᠡᠯᠡᠭᠦᠴᠡᠨ ᠠᠮᠠᠷᠠᠬᠤ ᠴᠢᠬᠤᠯᠠ ᠵᠣᠷᠢᠭᠰᠠᠨ ᠭᠠᠵᠠᠷ ᠪᠣᠯᠵᠠᠢ᠃ ᠬᠤᠶᠠᠷ ᠲᠤ᠂ ︽ᠠᠵᠤ ᠦᠢᠯᠡᠳᠪᠦᠷᠢ + ᠰᠣᠶᠣᠯ | ᠵᠢᠭᠤᠯᠴᠢᠯᠠᠯ︾ ᠢ ᠬᠥᠭᠵᠢᠭᠦᠯᠪᠡ᠃ ᠨᠢᠭᠡ ᠪᠦᠯᠦᠭ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠣᠨ | ᠵᠠᠶ ᠶᠢ ᠡᠭᠦᠳᠦᠨ ᠪᠠᠶᠢᠭᠤᠯᠵᠤ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠤᠯᠤᠰ ᠤᠨ ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠢᠯᠢ ᠶᠢᠨ ᠲᠠᠯ᠎ᠠ ᠨᠤᠲᠤᠭ ᠤᠨ ᠰᠦ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ ᠠᠩᠬᠠᠳᠠᠭᠴᠢ | ᠪᠦᠯᠦᠭ 5G + ᠣᠶᠤᠨᠴᠢ ᠵᠢᠭᠤᠯᠴᠢᠯᠠᠯ ᠤᠨ ᠲᠤᠷᠰᠢᠯᠲᠠ ᠶᠢᠨ ᠲᠥᠷᠥᠯ ᠵᠦᠢᠯ ᠢᠶᠠᠷ ᠦᠨᠡᠯᠡᠭᠳᠡᠵᠦ᠂ ︽ᠴᠡᠯᠡᠭᠡᠷ ᠲᠠᠯ᠎ᠠ ᠣᠶᠤᠨᠴᠢ ᠠᠮᠢ ᠠᠬᠤᠶ ᠶᠢᠨ | ᠮᠠᠯᠵᠢᠯ ᠤᠨ ᠲᠠᠯᠠᠪᠠᠶ︾᠂ ᠪᠢᠰᠢᠯᠠᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠶᠢ ᠪᠠᠶᠢᠭᠤᠯᠤᠨ ᠨᠡᠭᠡᠭᠡᠯᠲᠡ ᠬᠢᠵᠦ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠰᠤᠷᠭᠠᠨ ᠬᠥᠮᠦᠵᠢᠯ᠂ ᠲᠣᠭᠤᠷᠢᠨ ᠦᠵᠡᠵᠦ ᠬᠠᠷᠢᠯᠴᠠᠨ ᠬᠥᠳᠡᠯᠦᠯᠴᠡᠬᠦ᠂ ᠰᠤᠳᠤᠯᠤᠨ ᠰᠤᠷᠤᠯᠴᠠᠵᠤ ᠵᠢᠭᠤᠯᠴᠢᠯᠠᠬᠤ ᠬᠡᠪ ᠳᠠᠭᠤᠷᠢᠶᠠᠯ ᠤᠨ | ᠲᠥᠷᠥᠯ ᠵᠦᠢᠯ ᠢ ᠪᠣᠶ ᠪᠣᠯᠭᠠᠪᠠ᠃ ᠭᠤᠷᠪᠠ ᠳᠤ᠂ ᠬᠤᠪᠢᠰᠬᠠᠯ ᠤᠨ ᠰᠣᠶᠣᠯ ᠵᠢᠭᠤᠯᠴᠢᠯᠠᠯ ᠢ ᠬᠥᠭᠵᠢᠭᠦᠯᠪᠡ᠃ ᠦᠴᠤᠸᠠᠨ ᠰᠢᠶᠠᠨ ᠢ ᠤᠯᠤᠰ ᠤᠨ | ᠬᠤᠪᠢᠰᠬᠠᠯ ᠤᠨ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ ᠪᠣᠯᠭᠠᠨ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠪᠠ᠃ | ᠭᠤᠷᠪᠠ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ | ᠨᠢᠭᠡ ᠳᠤ᠂ ᠪᠠᠶᠠᠷ ᠳᠤᠷᠠᠰᠬᠠᠯ ᠤᠨ ᠡᠳᠦᠷ ᠤᠨ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠪᠠ᠃ 2024 ᠣᠨ ᠳᠤ᠂ ᠬᠤᠲᠠ ᠶᠢᠨ ᠡᠳ᠋ ᠤᠨ | ᠵᠠᠰᠠᠭ ᠠᠴᠠ 375 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ ᠰᠢᠨ᠎ᠡ ᠵᠢᠯ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ᠂ ᠲᠠᠪᠤᠨ | ᠰᠠᠷ᠎ᠠ ᠶᠢᠨ ᠨᠢᠭᠡᠨ ᠤ ᠪᠠᠶᠠᠷ ᠵᠡᠷᠭᠡ ᠪᠠᠶᠠᠷ ᠤᠨ ᠡᠳᠦᠷ ᠲᠤ ᠬᠠᠨᠳᠤᠭᠤᠯᠵᠤ᠂ ᠳᠡᠯ ᠠᠭᠤᠯᠠ ᠶᠢᠨ ᠴᠡᠨᠡᠯᠲᠡ ᠶᠢᠨ ᠲᠠᠯᠠᠪᠠᠶ᠂ ᠪᠣᠭᠤᠮᠲᠠ ᠶᠢᠨ ᠬᠠᠭᠤᠴᠢᠨ ᠵᠡᠭᠡᠯᠢ | ᠵᠡᠷᠭᠡ ᠤᠨᠴᠠᠯᠢᠬᠳᠤ ᠦᠵᠡᠮᠵᠢ ᠶᠢᠨ ᠣᠷᠣᠨ᠂ ᠬᠡᠷᠡᠭᠯᠡᠭᠡ ᠲᠥᠪᠯᠡᠷᠡᠭᠰᠡᠨ ᠣᠷᠣᠨ ᠳᠤ ᠲᠦᠰᠢᠭᠯᠡᠨ᠂ ︽ᠤᠮᠠᠷᠠᠲᠤ ᠬᠢᠯᠢ ᠶᠢᠨ ᠰᠢᠨ᠎ᠡ ᠵᠢᠯ ᠤᠨ ᠦᠳᠡᠰᠢ︾᠂ | ︽ᠬᠥᠬᠡᠬᠤᠲᠠ ᠶᠢᠨ ᠮᠥᠰᠥ ᠴᠠᠰᠤᠨ ᠤ ᠨᠠᠶᠢᠷ︾᠂ ︽ᠪᠣᠳᠠᠰ ᠤᠨ ᠪᠤᠰᠤ ᠰᠣᠶᠣᠯ ᠤᠨ ᠥᠪ ᠤᠨ ᠰᠦᠮ᠎ᠡ ᠶᠢᠨ ᠴᠤᠭᠯᠠᠭᠠᠨ︾᠂ ︽ᠴᠡᠴᠡᠭ ᠰᠣᠨᠢᠷᠬᠠᠬᠤ | ᠤᠯᠠᠷᠢᠯ︾ ᠵᠡᠷᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠡᠷᠬᠢᠯᠡᠨ᠂ ᠣᠯᠠᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠵᠤ᠂ ︽ᠰᠣᠶᠣᠯ | ᠵᠢᠭᠤᠯᠴᠢᠯᠠᠯ ᠬᠤᠳᠠᠯᠳᠤᠭᠠᠨ︾ ᠤ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠬᠤᠶᠠᠷ ᠲᠤ᠂ | ᠲᠣᠭᠯᠠᠯᠲᠠ ᠶᠢᠨ ᠤᠷᠠᠯᠢᠭ ᠤᠨ ᠬᠡᠷᠡᠭᠯᠡᠭᠡᠨ ᠤ ᠠᠬᠤᠢ ᠪᠠᠶᠢᠳᠠᠯ ᠢ ᠪᠤᠵᠠᠭᠠᠶᠢᠷᠠᠭᠤᠯᠪᠠ᠃ ᠵᠠᠩ ᠵᠢᠶᠧ᠂ ᠰᠢᠤᠸᠠᠢ ᡁᠢ ᠴᠢᠶᠠᠨ᠂ ᠵᠠᠩ ᠰᠢᠨ ᠵᠧ᠂ ᠳ᠋ᠧᠩ ᠽᠢ | ᠴᠢ᠂ ᠭᠠᠷᠤᠳᠢ ᠭᠠᠯᠪᠢᠩᠭ᠎ᠠ ᠬᠠᠮᠲᠤᠯᠢᠭ ᠤᠨ ᠳᠠᠭᠤᠨ ᠤ ᠦᠳᠡᠰᠢᠯᠡᠭᠡ ᠶᠢᠨ ᠲᠣᠭᠤᠷᠢᠨ ᠳᠤ᠂ ᠤᠷᠠᠯᠢᠭ ᠤᠨ ᠠᠵᠤ ᠠᠬᠤᠶ ᠶᠢ ᠬᠥᠭᠵᠢᠭᠦᠯᠵᠦ᠂ ᠰᠣᠶᠣᠯ ᠤᠨ | ᠦᠵᠡᠰᠬᠦᠯᠡᠩ ᠂ ᠤᠨᠴᠠᠯᠢᠬᠳᠤ ᠵᠡᠭᠡᠯᠢ ᠲᠣᠭᠤᠷᠢᠭ᠂ ᠰᠦᠯᠵᠢᠶᠡᠨ ᠤ ᠰᠣᠳᠣᠨ ᠭᠠᠵᠠᠷ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠪᠠᠶᠢᠭᠤᠯᠵᠤ᠂ ︽ᠢᠳᠡᠵᠦ | ᠤᠤᠭᠤᠬᠤ ᠶᠠᠪᠤᠵᠤ ᠰᠠᠭᠤᠬᠤ ᠵᠤᠭᠠᠴᠠᠵᠤ ᠬᠤᠳᠠᠯᠳᠤᠨ ᠠᠪᠬᠤ ᠵᠤᠭ᠎ᠠ ᠴᠡᠩᠭᠡᠯ︾ ᠵᠢᠭᠤᠯᠴᠢᠯᠠᠯ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠪᠠ᠃ | ᠭᠤᠷᠪᠠ ᠳᠤ᠂ ᠰᠣᠶᠣᠯ ᠦᠵᠡᠰᠬᠦᠯᠡᠩ ᠤᠨ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠪᠡ᠃ ᠡᠨᠡ ᠵᠢᠯ᠂ ᠬᠤᠲᠠ ᠶᠢᠨ ᠡᠳ᠋ ᠤᠨ ᠵᠠᠰᠠᠭ ᠠᠴᠠ 100 | ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢ ᠬᠠᠮᠵᠢᠨ ︽ᠮᠦᠽᠧᠶ ᠶᠢᠨ ᠬᠤᠲᠠ︾ | ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠶᠡᠷᠦᠩᠬᠡᠶ ᠣᠷᠳᠣᠨ ᠬᠤᠪᠢᠶᠠᠷᠢ ᠣᠷᠳᠣᠨ ᠤ ᠳᠦᠷᠢᠮ ᠤᠨ ᠥᠭᠡᠷᠡᠴᠢᠯᠡᠯᠲᠡ ᠶᠢ | ᠪᠡᠶᠡᠯᠡᠭᠦᠯᠦᠨ᠂ ᠣᠯᠠᠨ ᠤᠯᠤᠰ ᠤᠨ ᠮᠦᠽᠧᠶ ᠶᠢᠨ ᠨᠡᠶᠢᠭᠡᠮᠯᠢᠭ ᠲᠤ ᠣᠷᠣᠯᠴᠠᠵᠤ᠂ ᠬᠥᠬᠡᠬᠤᠲᠠ ᠮᠦᠽᠧᠶ᠂ ᠢᠯᠢ ᠶᠢᠨ ᠲᠠᠯ᠎ᠠ ᠨᠤᠲᠤᠭ ᠤᠨ ᠰᠦ ᠶᠢᠨ | ᠰᠣᠶᠣᠯ ᠤᠨ ᠮᠦᠽᠧᠶ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠠᠷ ᠡᠭᠦᠳᠦᠨ ᠪᠠᠶᠢᠭᠤᠯᠵᠤ᠂ | ᠠᠷᠪᠠᠳᠤᠭᠠᠷ ᠬᠤᠭᠤᠴᠠᠭᠠᠨ ᠤ ︽ᠮᠦᠽᠧᠢ ᠶᠢᠨ ᠦᠵᠡᠰᠬᠦᠯᠡᠩ ᠤᠨ ᠴᠤᠭᠯᠠᠭᠠᠨ︾ ᠢ ᠠᠮᠵᠢᠯᠲᠠ ᠲᠠᠢ ᠡᠷᠬᠢᠯᠡᠪᠡ᠃ | ᠳᠥᠷᠪᠡ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢᠯᠡᠳᠲᠡ ᠰᠠᠶᠢᠵᠢᠷᠠᠪᠠ | ᠨᠢᠭᠡ ᠳᠤ᠂ ᠣᠯᠠᠨ ᠨᠡᠶᠢᠲᠡ ᠶᠢᠨ ᠰᠣᠶᠣᠯ ᠤᠨ ᠴᠢᠨᠠᠷ ᠰᠠᠶᠢᠲᠠᠶ ᠣᠷᠣᠨ ᠵᠠᠶ ᠶᠢ ᠪᠠᠶᠢᠭᠤᠯᠪᠠ᠃ ᠵᠢᠯ ᠤᠨ ᠡᠬᠢᠨ ᠳᠤ᠂ ᠬᠥᠬᠡᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠨᠢ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠲᠠᠢ ᠬᠠᠮᠲᠤᠷᠠᠨ ᠡᠷᠲᠡ ᠠᠴᠠ ᠲᠥᠯᠥᠪᠵᠢᠭᠦᠯᠵᠦ᠂ ᠡᠷᠲᠡ ᠠᠴᠠ | ᠲᠣᠬᠢᠷᠠᠭᠤᠯᠵᠤ᠂ ᠳᠡᠭᠡᠳᠦ ᠱᠠᠲᠤᠨ ᠤ ᠲᠤᠰᠬᠠᠢ ᠪᠡᠯᠡ ᠮᠥᠩᠭᠦ ᠶᠢ 846 ᠲᠦᠮᠡᠨ ᠲᠥᠭᠦᠷᠢᠭ ᠣᠯᠵᠤ᠂ ᠲᠤᠰ ᠱᠠᠲᠤᠨ ᠠᠴᠠ ᠢᠵᠢ ᠪᠦᠷᠢᠳᠦᠭᠦᠯᠬᠦ ᠪᠡᠯᠡ | ᠮᠥᠩᠭᠦ ᠶᠢ 94 ᠲᠦᠮᠡᠨ ᠲᠥᠭᠦᠷᠢᠭ ᠭᠠᠷᠭᠠᠵᠤ᠂ ᠣᠯᠠᠨ ᠨᠡᠢᠲᠡ ᠶᠢᠨ ᠰᠣᠶᠣᠯ ᠤᠨ ᠶᠡᠷᠦᠩᠬᠡᠢ ᠣᠷᠳᠣᠨ ᠬᠤᠪᠢᠶᠠᠷᠢ ᠣᠷᠳᠣᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠬᠡᠬᠤᠲᠠ ᠶᠢᠨ ᠨᠣᠮ ᠤᠨ ᠰᠠᠩ 1 ᠬᠤᠪᠢᠶᠠᠷᠢ ᠣᠷᠳᠣᠨ᠂ 5 ᠨᠡᠭᠦᠳᠡᠯ ᠥᠷᠲᠡᠭᠡ | ᠪᠠᠶᠢᠭᠤᠯᠤᠨ᠂ ︽ᠬᠤᠨ ᠭᠠᠯᠠᠭᠤ ᠤᠩᠰᠢᠯᠭ᠎ᠠ︾ ᠨᠡᠷᠡᠲᠦ ᠲᠡᠮᠳᠡᠭ ᠢ ᠡᠭᠦᠳᠪᠡ᠃ ᠬᠤᠶᠠᠷ ᠲᠤ᠂ ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠠᠬᠢᠭᠤᠯᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 50.86 ᠲᠦᠮᠡᠨ ᠲᠥᠭᠦᠷᠢᠭ ᠪᠠᠭᠤᠯᠭᠠᠵᠤ ᠬᠤᠲᠠ ᠶᠢᠨ | ᠰᠣᠶᠣᠯ ᠵᠢᠭᠤᠯᠴᠢᠯᠠᠯ ᠤᠨ ᠲᠣᠪᠴᠢᠶ᠎ᠠ ᠶᠢ ᠬᠠᠪᠰᠤᠷᠤᠨ ᠪᠦᠬᠦ ᠬᠤᠲᠠ ᠶᠢᠨ ᠵᠢᠭᠤᠯᠴᠢᠯᠠᠯ ᠤᠨ ᠬᠥᠲᠥᠴᠢ ᠶᠢᠨ ᠤᠷᠤᠯᠳᠤᠭᠠᠨ᠂ ᠪᠦᠬᠦ ᠬᠤᠲᠠ ᠶᠢᠨ | ᠵᠢᠭᠤᠯᠴᠢᠯᠠᠯ ᠤᠨ ᠬᠤᠭᠤᠯᠠᠨ ᠭᠡᠷ ᠤᠨ ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ | ᠵᠢᠭᠤᠯᠴᠢᠯᠠᠯ ᠤᠨ ᠠᠵᠢᠯ ᠡᠷᠬᠢᠯᠡᠭᠴᠢᠳ ᠤᠨ ᠦᠢᠯᠡᠴᠢᠯᠡᠭᠡᠨ ᠤ ᠲᠤᠰᠬᠠᠶᠢᠵᠢᠯᠲᠠ᠂ ᠪᠠᠷᠢᠮᠵᠢᠶᠠᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ | ᠭᠤᠷᠪᠠ ᠳᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠵᠢᠯ ᠤᠨ ᠡᠬᠢᠨ ᠤ ᠲᠥᠰᠥᠪ ᠲᠤ 155 ᠲᠦᠮᠡᠨ ᠲᠥᠭᠦᠷᠢᠭ ᠤᠨ ᠪᠡᠯᠡ ᠮᠥᠩᠭᠦ ᠶᠢ ᠴᠤᠬᠤᠯᠠᠪᠤᠷᠢᠯᠠᠨ ᠵᠥᠪᠰᠢᠶᠡᠷᠡᠪᠡ᠃ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠮᠡᠳᠡᠭᠡ | ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ 12345 ᠢᠯᠡᠴᠢᠯᠡᠨ ᠮᠡᠳᠡᠭᠦᠯᠬᠦ ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ ᠬᠠᠮᠤᠭ ᠤᠨ | ᠲᠡᠷᠢᠭᠦᠨ ᠳᠤ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠪᠠ᠃ | ᠬᠥᠲᠥᠯᠥᠭᠴᠢ᠄ | ᠲᠠᠨᠢᠯᠴᠠᠭᠤᠯᠬᠤ ᠶᠢ ᠰᠣᠨᠣᠰᠤᠭᠠᠳ ᠪᠢᠳᠠ ᠬᠥᠬᠡᠬᠤᠲᠠ ᠶᠢᠨ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠮᠵᠢᠭᠰᠡᠨ ᠠᠤᠭ᠎ᠠ | ᠠᠮᠵᠢᠯᠲᠠ ᠶᠢ ᠤᠯᠠᠮ ᠨᠢᠭᠡ ᠠᠯᠬᠤᠮ ᠣᠶᠢᠯᠠᠭᠠᠯ᠎ᠠ᠃ ᠪᠢᠳᠠᠨ ᠤ ᠮᠡᠳᠡᠬᠦ ᠪᠠᠷ᠂ ᠡᠨᠡ ᠵᠢᠯ ᠤᠨ 5 ᠳ᠋ᠤᠭᠠᠷ ᠰᠠᠷ᠎ᠠ ᠶᠢᠨ 17 ᠤ ᠡᠳᠦᠷ᠂ ᠲᠥᠪ ᠬᠤᠷᠢᠶᠠᠨ ᠠᠴᠠ | ᠪᠡᠭᠡᠵᠢᠩ ᠳᠤ ᠪᠦᠬᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ | ᠵᠢᠭᠤᠯᠴᠢᠯᠠᠯ ᠤᠨ ᠠᠵᠢᠯ ᠳᠤ ᠴᠢᠬᠤᠯᠠ ᠵᠢᠭᠠᠪᠤᠷᠢ ᠬᠢᠪᠡ᠂ ᠡᠨᠡ ᠲᠠᠯ᠎ᠠ ᠪᠠᠷ ᠬᠥᠬᠡᠬᠤᠲᠠ ᠶᠢᠨ ᠡᠳ᠋ ᠤᠨ ᠵᠠᠰᠠᠭ ᠠᠴᠠ ᠳᠠᠷᠠᠭᠠᠴᠢ ᠪᠠᠷ ᠶᠠᠮᠠᠷ ᠶᠠᠮᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠢᠨ᠎ᠡ ᠠᠷᠭ᠎ᠠ ᠬᠡᠮᠵᠢᠶ᠎ᠡ ᠠᠪᠬᠤ ᠪᠤᠢ︖ | ᠸᠠᠩ ᠵᠧᠨ ᠵᠢᠶᠠᠩ᠄ | ᠡᠩ ᠲᠡᠷᠢᠭᠦᠨ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ | ᠰᠤᠷᠤᠯᠴᠠᠵᠤ᠂ ᠤᠯᠤᠰ ᠤᠨ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠲᠠ ᠶᠢᠨ ᠣᠨᠴᠠᠯᠢᠭᠲᠤ ᠡᠬᠢ ᠪᠠᠶᠠᠯᠢᠭ ᠤᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ᠂ ᠰᠢᠪᠲᠤᠯᠤᠯᠲᠠ ᠶᠢᠨ ᠴᠡᠭ ᠢ ᠤᠯᠠᠮ ᠨᠢᠭᠡ ᠠᠯᠬᠤᠮ | ᠣᠨᠣᠪᠴᠢᠲᠠᠢ ᠣᠯᠵᠤ᠂ ᠣᠷᠣᠨ ᠤ ᠲᠥᠪ ᠬᠤᠲᠠ ᠶᠢᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ | ᠬᠠᠷᠠᠭᠤᠯᠵᠤ᠂ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠡᠵᠡᠮᠳᠡᠨ᠎ᠡ᠃ ᠵᠠᠰᠠᠭ ᠤᠨ | ᠣᠷᠳᠣᠨ ᠬᠥᠲᠥᠯᠦᠨ ᠵᠢᠯᠣᠭᠤᠳᠴᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︔ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠨᠴᠠᠯᠢᠭ ᠲᠠᠢ | ᠬᠥᠭᠵᠢᠭᠦᠯᠬᠦ︔ ᠲᠥᠷᠥᠯ ᠲᠡᠮᠳᠡᠭ ᠢᠶᠠᠷ ᠬᠥᠲᠥᠯᠦᠨ ᠳᠠᠭᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ︔ ᠰᠣᠶᠣᠯ ᠵᠢᠭᠤᠯᠴᠢᠯᠠᠯ ᠢ ᠠᠭᠤᠰᠤᠯᠴᠠᠭᠤᠯᠵᠤ᠂ | ᠠᠵᠤ ᠦᠢᠯᠡᠰ ᠢᠶᠠᠷ ᠳᠠᠶᠢᠴᠢᠯᠠᠬᠤ︔ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠯᠠᠨ ᠲᠠᠯ᠎ᠠ ᠶᠢᠨ ᠬᠢᠨ ᠣᠷᠣᠯᠴᠠᠬᠤ ᠦᠨᠳᠦᠰᠦᠨ ᠵᠠᠷᠴᠢᠮ | ᠶᠣᠰᠣᠭᠠᠷ᠂ ᠰᠣᠶᠣᠯ ᠢᠶᠠᠷ ᠵᠢᠭᠤᠯᠴᠢᠯᠠᠯ ᠢ ᠳᠠᠶᠢᠴᠢᠯᠠᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ | ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠᠷ ᠵᠢᠯᠣᠭᠤᠳᠤᠮᠵᠢ | ᠪᠣᠯᠭᠠᠵᠤ᠂ ︽ᠦᠵᠡᠰᠬᠦᠯᠡᠩᠲᠦ ᠰᠠᠶᠢᠬᠠᠨ ᠬᠥᠬᠡ ᠬᠤᠲᠠ ᠥᠨᠢᠷ ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠤ | ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ᠃ ᠪᠥᠬᠦ ᠬᠤᠲᠠ ᠶᠢᠨ ᠵᠢᠭᠤᠯᠴᠢᠯᠠᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ | ᠠᠬᠢᠭᠤᠯᠤᠨ᠎ᠠ᠃ ᠳᠠᠷᠠᠭᠠᠯᠠᠪᠠᠯ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ | ᠣᠶᠢᠯᠠᠭᠠᠭᠳᠠᠬᠤᠨ ᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ᠂ ᠬᠠᠩᠭᠠᠯᠭ᠎ᠠ ᠪᠣᠯᠣᠨ ᠬᠡᠷᠡᠭᠴᠡᠭᠡ᠂ ᠬᠠᠮᠠᠭᠠᠯᠠᠯᠲᠠ ᠪᠣᠯᠣᠨ ᠨᠡᠭᠡᠭᠡᠨ | ᠬᠥᠭᠵᠢᠭᠦᠯᠦᠯᠲᠡ᠂ ᠳᠡᠯᠡᠬᠡᠢ ᠶᠢᠨ ᠪᠣᠯᠣᠨ ᠤᠯᠤᠰ ᠤᠨ ᠳᠣᠲᠣᠭᠠᠳᠤ ᠶᠢᠨ᠂ ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠵᠦ᠂ ᠣᠯᠠᠨ ᠲᠦᠮᠡᠨ ᠤ ᠵᠢᠭᠤᠯᠴᠢᠯᠠᠯ ᠤᠨ ᠬᠥᠭᠵᠢᠯᠲᠡ ᠶᠢᠨ ᠬᠠᠨᠳᠤᠰᠢ ᠶᠢ ᠭᠦᠢᠴᠡᠳ ᠡᠵᠡᠮᠳᠡᠵᠦ᠂ ᠨᠡᠩ ᠣᠯᠠᠨ ᠵᠢᠭᠤᠯᠴᠢᠯᠠᠯ + ᠂ + | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠤᠶᠢᠵᠢᠭᠤᠯᠵᠤ᠂ | ᠠᠷᠠᠳ ᠣᠯᠠᠨ ᠤ ᠴᠢᠨᠠᠷ ᠰᠠᠶᠢᠲᠠᠢ ᠰᠣᠶᠣᠯ ᠪᠠ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠣᠷᠣᠨ ᠤ ᠲᠥᠪ | ᠬᠤᠲᠠ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠡᠨᠡ ᠵᠢᠯ ᠤᠨ ᠳᠣᠣᠷ᠎ᠠ ᠬᠠᠭᠠᠰ ᠵᠢᠯ ᠳᠤ᠂ ᠪᠢᠳᠡ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ | ᠶᠣᠰᠣᠭᠠᠷ᠂ ᠨᠢᠭᠡ ᠳᠤ᠂ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ᠲᠠᠢ ᠢᠳᠡᠪᠬᠢᠲᠡᠢ ᠬᠠᠮᠵᠢᠯᠴᠠᠵᠤ᠂ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠠᠳᠬᠤᠨ᠎ᠠ᠂ ᠭᠤᠣᠯᠳᠠᠭᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ︾ ᠪᠠᠷ ᠭᠤᠣᠯ ᠰᠢᠵᠢᠮ ᠪᠣᠯᠭᠠᠵᠤ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠠᠷᠢᠶᠠᠯᠠᠩ᠂ ᠬᠤᠳᠠᠯᠳᠤᠭᠠᠨ ᠤ | ᠠᠭᠤᠰᠤᠯᠴᠠᠯ ᠢᠶᠠᠷ ᠭᠠᠷᠳᠠᠴᠠ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠠᠶᠠᠯᠢᠭᠵᠢᠭᠤᠯᠵᠤ᠂ ᠬᠤᠳᠠ ᠶᠢ ᠨᠡᠩ ᠠᠮᠢᠵᠢᠷᠠᠯ | ᠬᠥᠭᠵᠢᠶᠡᠨᠲᠡᠢ ᠪᠣᠯᠭᠠᠨ᠎ᠠ᠃ ᠨᠢᠭᠡ ᠲᠠᠯ᠎ᠠ ᠪᠠᠷ᠂ ᠪᠣᠭᠤᠮᠲᠠ ᠶᠢᠨ ᠬᠠᠭᠤᠴᠢᠨ ᠵᠡᠭᠡᠯᠢ᠂ ᠥᠷᠭᠡᠨ ᠭᠤᠳᠤᠮᠵᠢ ᠵᠡᠷᠭᠡ ᠰᠡᠯᠡᠭᠦᠴᠡᠯ ᠤᠨ ᠵᠡᠭᠡᠯᠢ ᠲᠣᠭᠤᠷᠢᠭ ᠢ | ᠦᠷᠭᠦᠯᠵᠢᠯᠡᠨ ᠪᠠᠶᠢᠭᠤᠯᠵᠤ᠂ ᠡᠯ᠎ᠡ ᠵᠦᠢᠯ ᠤᠨ ᠣᠷᠣᠨ ᠨᠤᠲᠤᠭ ᠤᠨ ᠣᠨᠴᠠᠯᠢᠭ ᠲᠠᠢ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠪᠠᠶᠠᠷ ᠳᠤᠷᠠᠰᠬᠠᠯ ᠤᠨ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠵᠣᠬᠢᠶᠠᠨ ᠪᠠᠶᠢᠭᠤᠯᠤᠨ᠎ᠠ᠃ ᠨᠥᠭᠦᠭᠡ ᠲᠠᠯ᠎ᠠ ᠪᠠᠷ ᠣᠷᠣᠨ ᠤ ᠲᠥᠪ ᠬᠤᠲᠠ ᠶᠢᠨ ᠲᠡᠦᠬᠡ ᠰᠣᠶᠣᠯ ᠪᠠ ᠰᠣᠶᠣᠯ | ᠢᠷᠭᠡᠨᠰᠢᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ ᠵᠡᠷᠭᠡ ᠶᠢ | ᠠᠭᠤᠰᠤᠯᠴᠠᠭᠤᠯᠤᠨ᠂ ︽ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ︾ ᠢ ᠡᠭᠦᠳᠬᠦ ᠲᠠᠯ᠎ᠠ ᠪᠠᠷ ᠵᠢᠱᠢᠶ᠎ᠡ ᠦᠵᠡᠭᠦᠯᠦᠨ᠎ᠡ᠃ ᠡᠭᠦᠨ ᠠᠴᠠ ᠭᠠᠳᠠᠨ᠎ᠠ᠂ | ᠪᠢᠳᠡ ᠤᠮᠠᠷᠠᠲᠤ ᠬᠡᠰᠡᠭ ᠤᠨ ᠴᠡᠯᠡᠭᠡᠷ ᠲᠠᠯ᠎ᠠ ᠶᠢᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠵᠡᠷᠭᠡ ᠳᠤ ᠲᠦᠰᠢᠭᠯᠡᠨ᠂ ︽2 + 2 + 6︾ A | ᠲᠠᠰ ᠤᠨ ᠦᠵᠡᠮᠵᠢ ᠶᠢᠨ ᠣᠷᠣᠨ ᠢ ᠰᠢᠨ᠎ᠡ ᠨᠡᠮᠡᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ | ᠪᠠᠶᠢᠭᠤᠯᠤᠯᠲᠠ ᠪᠣᠯᠣᠨ ︽ᠳᠥᠷᠪᠡᠨ ᠤᠯᠠᠷᠢᠯ︾ ᠤᠨ ᠰᠣᠶᠣᠯ ᠵᠢᠭᠤᠯᠴᠢᠯᠠᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠷᠣᠨ ᠤ | ᠲᠥᠪ ᠬᠤᠲᠠ ᠶᠢᠨ ᠠᠷᠠᠳ ᠢᠷᠭᠡᠳ ᠪᠣᠯᠣᠨ ᠡᠯ᠎ᠡ ᠭᠠᠵᠠᠷ ᠤᠨ ᠵᠢᠭᠤᠯᠴᠢᠯᠠᠭᠴᠢᠳ ᠲᠤ ᠠᠯᠢ ᠤᠯᠠᠷᠢᠯ ᠭᠡᠳ ᠴᠥᠮ ᠠᠳᠠᠯᠢ ᠪᠤᠰᠤ ᠰᠣᠶᠣᠯ | ᠵᠢᠭᠤᠯᠴᠢᠯᠠᠯ ᠤᠨ ᠲᠥᠷᠥᠭᠳᠡᠯ ᠣᠯᠭᠤᠨ᠎ᠠ᠃ ᠬᠤᠶᠠᠷ ᠲᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠡᠳ᠋ ᠤᠨ ᠵᠠᠰᠠᠭ | ᠵᠠᠷᠤᠯᠭ᠎ᠠ ᠶᠢᠨ ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠣᠶᠣᠯ | ᠵᠢᠭᠤᠯᠴᠢᠯᠠᠯ ᠤᠨ ᠠᠵᠤ ᠠᠬᠤᠢ ᠶᠢᠨ ᠨᠡᠮᠡᠭᠳᠡᠯ ᠢ ᠠᠬᠢᠭᠤᠯᠵᠤ᠂ ︽ᠰᠣᠶᠣᠯ ᠢᠶᠠᠷ ᠬᠤᠲᠠ ᠪᠠᠨ ᠮᠠᠨᠳᠤᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠰᠢᠨ᠎ᠡ ᠥᠨᠳᠦᠷᠯᠢᠭ ᠲᠡᠰᠢ ᠠᠬᠢᠭᠤᠯᠤᠨ᠎ᠠ᠃ | ᠬᠥᠲᠥᠯᠥᠭᠴᠢ᠄ | ᠡᠨᠡ ᠡᠳᠦᠷ ᠤᠨ ︽ᠰᠤᠷᠪᠤᠯᠵᠢᠯᠠᠭ᠎ᠠ︾ ᠨᠡᠪᠲᠡᠷᠡᠭᠦᠯᠭᠡ ᠲᠠᠨᠠᠷ ᠲᠠᠢ ᠪᠠᠶᠠᠷᠲᠠᠢ ᠭᠡᠵᠦ ᠬᠡᠯᠡᠬᠦ ᠴᠠᠭ ᠪᠣᠯᠣᠯ᠎ᠠ᠂ ᠠᠳᠡ ᠬᠥᠬᠡᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ | ᠰᠠᠯᠠᠭᠠᠨ ᠤ ᠳᠡᠳ᠋ ᠰᠠᠯᠠᠭᠠᠨ ᠳᠠᠷᠤᠭ᠎ᠠ ᠵᠤ᠋ ᠵᠢᠶᠧ ᠮᠠᠨ ᠤ ᠰᠢᠭᠤᠳ ᠨᠡᠪᠲᠡᠷᠡᠭᠦᠯᠭᠡ ᠶᠢᠨ ᠥᠷᠥᠭᠡᠨ ᠳᠤ ᠰᠠᠭᠠᠲᠠᠵᠤ᠂ ︽ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠢ ᠶᠢᠨ | ᠬᠥᠭᠵᠢᠯᠲᠡ ᠳᠤ ᠡᠨᠧᠷᠭᠢ ᠣᠯᠭᠤᠶᠠ︾ ᠰᠡᠳᠦᠪ ᠢᠶᠠᠷ ᠰᠣᠨᠣᠰᠤᠭᠴᠢᠳ ᠲᠤ ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠶ᠎ᠡ᠃ ᠲᠠ | ᠣᠯᠠᠨ ᠳᠤ ᠲᠠᠯᠠᠷᠬᠠᠶ᠎ᠠ᠂ ᠲᠠ ᠣᠯᠠᠨ ᠤ ᠠᠵᠢᠯ ᠦᠢᠯᠡᠰ ᠲᠡᠭᠡᠨ ᠠᠮᠵᠢᠯᠲᠠ ᠲᠠᠢ ᠶᠠᠪᠤᠬᠤ ᠶᠢ ᠬᠦᠰᠡᠨ ᠢᠷᠦᠭᠡᠶ᠎ᠡ᠂ ᠪᠠᠶᠠᠷᠲᠠᠢ︕ | ᠬᠠᠮᠢᠶᠠᠷᠤᠭᠴᠢ᠄ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ | ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠵᠤ᠋ ᠵᠢᠶᠧ ᠳᠤ ᠲᠠᠯᠠᠷᠬᠠᠯ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ | ᠣᠷᠣᠯᠴᠠᠭᠰᠠᠨ ᠳᠤ ᠲᠠᠯᠠᠷᠬᠠᠯ᠎ᠠ᠃ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠃ | |