ᠵᠢᠯ ᠤᠨ ᠡᠬᠢᠨ ᠠᠴᠠ ᠨᠠᠭᠠᠰᠢ᠂ ᠭᠦᠭᠡᠬᠤᠲᠠ ᠶᠢᠨ ᠮᠦᠽᠧᠢ ᠶᠢᠨ ᠬᠢᠨ ᠪᠡᠭᠡᠵᠢᠩ ᠤᠨ ᠬᠠᠭᠠᠨ ᠤ ᠣᠷᠳᠣᠨ ᠤ ᠮᠦᠽᠧᠢ᠂ ᠰᠠᠨ ᠰᠢᠩ ᠳ᠋ᠦᠢ ᠮᠦᠽᠧᠢ | ᠯᠦᠭᠡ ᠬᠠᠮᠲᠤᠷᠠᠯᠴᠠᠭ᠎ᠠ ᠪᠠᠨ ᠴᠢᠩᠭᠠᠳᠬᠠᠨ᠂ ︽ᠱᠣ᠋ ᠶᠢᠨ ᠰᠣᠶᠣᠯ ᠤᠨ ᠣᠨᠴᠠᠭᠠᠢ ᠦᠵᠡᠭᠦᠯᠭᠡ︾᠂ ︽ᠬᠠᠭᠠᠨ ᠤ ᠣᠷᠳᠣᠨ ᠤ ᠮᠦᠽᠧᠢ ᠳᠠᠬᠢ ᠣᠷᠳᠣᠨ ᠤ ᠬᠠᠰ | ᠡᠳ᠋ᠯᠡᠯ ᠤᠨ ᠦᠵᠡᠭᠦᠯᠭᠡ︾ ᠵᠡᠷᠭᠡ ᠨᠢᠭᠡ ᠪᠦᠯᠦᠭ ᠰᠣᠶᠣᠯ ᠤᠨ ᠦᠵᠡᠰᠭᠦᠯᠡᠩ ᠢ ᠡᠷᠭᠢᠯᠡᠨ ᠶᠠᠪᠤᠭᠳᠠᠭᠤᠯᠵᠤ᠂ 261 ᠲᠦᠮᠡᠨ ᠵᠢᠭᠤᠯᠴᠢᠯᠠᠭᠴᠢ ︵ᠤᠳᠠᠭ᠎ᠠ︶ ᠶᠢ | ᠭᠥᠯᠢᠶᠡᠨ ᠠᠪᠴᠠᠢ᠃ | ᠭᠦᠭᠡᠬᠤᠳᠠ ᠮᠦᠽᠧᠢ ᠶᠢᠨ ᠬᠤᠲᠠ ᠶᠢ ᠴᠣᠭᠴᠠᠯᠠᠨ ᠪᠠᠶᠢᠭᠤᠯᠬᠤ ᠶᠢᠨ ᠲᠥᠯᠥᠭᠡ ᠭᠦᠭᠡᠬᠤᠲᠠ ᠶᠢᠨ ᠮᠦᠽᠧᠢ ᠶᠢ ᠣᠯᠠᠨ ᠤᠯᠤᠰ ᠤᠨ ᠮᠦᠽᠧᠢ ᠶᠢᠨ | ᠨᠡᠶᠢᠭᠡᠮᠯᠢᠭ ᠲᠤ ᠣᠷᠣᠭᠤᠯᠬᠤ ᠶᠢᠨ ᠬᠠᠮᠲᠤ ᠭᠦᠭᠡᠬᠤᠲᠠ ᠶᠢᠨ ᠮᠦᠽᠧᠢ ᠶᠢᠨ ᠬᠦᠷᠢᠶᠡᠯᠡᠩ᠂ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ᠂ ᠢᠯᠢ ᠲᠠᠯ᠎ᠠ | ᠨᠤᠲᠤᠭ ᠤᠨ ᠰᠦ ᠶᠢᠨ ᠰᠣᠶᠣᠯ ᠤᠨ ᠮᠦᠽᠧᠢ ᠵᠡᠷᠭᠡ 3 ᠤᠯᠤᠰ ᠤᠨ ᠨᠢᠭᠡᠳᠦᠭᠡᠷ ᠳᠡᠰ ᠤᠨ ᠮᠦᠽᠧᠢ ᠶᠢ ᠪᠠᠶᠢᠭᠤᠯᠵᠤ᠂ ᠳ᠋ᠠ ᠱᠧᠩ ᠺᠦᠢ ᠶᠢᠨ ᠰᠣᠶᠣᠯ ᠤᠨ | ᠮᠦᠽᠧᠢ ᠶᠢ ᠨᠡᠭᠡᠭᠡᠪᠡ᠃ ᠪᠠᠰᠠ ᠠᠷᠪᠠᠳᠤᠭᠠᠷ ᠬᠤᠭᠤᠴᠠᠭᠠᠨ ᠤ ︽ᠮᠦᠽᠧᠢ ᠶᠢᠨ ᠦᠵᠡᠰᠭᠦᠯᠡᠩ ᠤᠨ ᠴᠤᠭᠯᠠᠭᠠᠨ︾ ᠢ ᠡᠷᠭᠢᠯᠡᠵᠦ᠂ ︽ᠪᠠᠶᠠᠷ ᠪᠠᠶᠠᠰᠤᠯᠲᠠᠢ | ᠰᠢᠨᠡᠯᠡᠵᠦ ᠴᠠᠭᠠᠨ ᠰᠠᠷ᠎ᠠ ᠶᠢ ᠤᠭᠲᠤᠬᠤ︾᠂ ︽5·18 ᠤᠯᠠᠨ ᠤᠯᠤᠰ ᠤᠨ ᠮᠦᠽᠧᠢ ᠶᠢᠨ ᠡᠳᠦᠷ︾ ᠵᠡᠷᠭᠡ 100 ᠭᠠᠷᠤᠢ ᠤᠳᠠᠭᠠᠨ ᠤ ᠰᠣᠶᠣᠯ ᠤᠨ | ᠦᠵᠡᠰᠭᠦᠯᠡᠩ ᠢ ᠡᠷᠭᠢᠯᠡᠪᠡ᠃ | ᠡᠨᠡ ᠵᠤᠨ ᠤ ᠴᠢᠯᠦᠭᠡᠨ ᠳᠤ ᠮᠦᠽᠧᠢ ᠳᠤ ᠬᠦᠷᠴᠦ ᠡᠷᠲᠡᠨ ᠡᠳᠦᠭᠡᠬᠢ ᠶᠢ ᠲᠣᠭᠤᠷᠢᠨ ᠦᠵᠡᠬᠦ ᠨᠢ ᠬᠥᠮᠥᠰ ᠤᠨ ᠨᠢᠭᠡ ᠵᠦᠢᠯ ᠤᠨ ᠰᠢᠨ᠎ᠡ ᠬᠡᠪ | ᠰᠤᠷᠲᠠᠯ ᠪᠣᠯᠪᠠ᠃ ᠭᠦᠭᠡᠬᠤᠲᠠ ᠶᠢᠨ ᠡᠯ᠎ᠡ ᠶᠡᠭᠡ ᠣᠷᠳᠣᠨ ᠮᠦᠽᠧᠢ ᠨᠢ ᠥᠪᠡᠷᠮᠢᠴᠡ ᠣᠨᠴᠠᠯᠢᠭ ᠲᠠᠢ ᠠᠵᠢᠯᠯᠠᠭ᠎ᠠ ᠥᠷᠨᠢᠭᠦᠯᠵᠦ᠂ ᠦᠵᠡᠭᠴᠢᠳ ᠲᠤ ᠰᠢᠨ᠎ᠡ | ᠰᠡᠪᠡᠭᠦᠨ ᠦᠵᠡᠭᠦᠯᠭᠡ ᠶᠢ ᠰᠣᠨᠢᠷᠬᠠᠭᠤᠯᠤᠨ᠂ ᠨᠢᠭᠡ ᠡᠳᠦᠷ ᠤᠨ ᠲᠣᠭᠤᠷᠢᠨ ᠦᠵᠡᠭᠰᠡᠨ ᠬᠥᠮᠥᠨ ᠤ ᠲᠤᠭ᠎ᠠ ᠨᠢ ᠤᠳᠠᠭ᠎ᠠ ᠳᠠᠷᠠᠭᠠᠯᠠᠨ ᠲᠡᠮᠳᠡᠭᠯᠡᠯ ᠰᠢᠨᠡᠳᠬᠡᠵᠦ᠂ | ᠵᠤᠨ ᠤ ᠴᠢᠯᠦᠭᠡᠨ ᠤ ᠭᠡᠷ ᠪᠦᠯᠢ ᠶᠢᠨ ᠵᠢᠭᠤᠯᠴᠢᠯᠠᠯ ᠤᠨ ᠲᠡᠷᠢᠭᠦᠨ ᠰᠣᠩᠭᠤᠯᠲᠠ ᠪᠣᠯᠵᠠᠢ᠃ ᠠᠷᠠᠳ ᠣᠯᠠᠨ ᠤ ᠣᠶᠤᠨ ᠤ ᠰᠣᠶᠣᠯ ᠤᠨ ᠣᠯᠠᠨ ᠡᠰᠢᠵᠢᠭᠰᠡᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠨᠠᠩ ᠣᠯᠠᠨ ᠬᠥᠮᠥᠨ ᠢ ᠮᠦᠽᠧᠢ ᠳᠤ ᠣᠷᠣᠭᠤᠯᠬᠤ ᠶᠢᠨ ᠲᠤᠯᠠᠳᠠ ᠭᠦᠭᠡᠬᠤᠲᠠ ︽ᠵᠣᠣ ᠵᠢᠶᠦ᠋ᠨ ᠠᠷᠤ ᠭᠠᠵᠠᠷ | ᠮᠣᠷᠳᠠᠭᠰᠠᠨ ᠵᠠᠮ ᠳᠠᠭᠠᠤ ᠶᠢᠨ ᠰᠣᠳᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠰᠬᠠᠢ ᠰᠡᠳᠦᠪᠲᠦ ᠦᠵᠡᠭᠦᠯᠭᠡ︾᠂ ︽ᠬᠠᠭᠠᠨ ᠤ ᠣᠷᠳᠣᠨ ᠤ | ᠮᠦᠽᠧᠢ ᠳᠤ ᠬᠠᠳᠠᠭᠠᠯᠠᠵᠤ ᠪᠠᠶᠢᠭ᠎ᠠ ᠴᠢᠩ ᠤᠯᠤᠰ ᠤᠨ ᠦᠶ᠎ᠡ ᠶᠢᠨ ᠣᠷᠳᠣᠨ ᠤ ᠬᠠᠰ ᠡᠳ᠋ᠯᠡᠯ ᠤᠨ ᠦᠵᠡᠭᠦᠯᠭᠡ︾ ᠵᠡᠷᠭᠡ ᠰᠣᠳᠣᠨ ᠵᠦᠢᠯᠡᠰ ᠤᠨ ᠦᠵᠡᠭᠦᠯᠭᠡ | ᠶᠢ ᠡᠷᠭᠢᠯᠡᠨ ᠶᠠᠪᠤᠭᠳᠠᠭᠤᠯᠤᠭᠰᠠᠨ ᠪᠠᠶᠢᠨ᠎ᠠ᠃ |