ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/9/3
      ᠣᠶᠢᠷ᠎ᠠ ᠳᠤ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠾᠧ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠬᠢᠵᠠᠭᠠᠷᠲᠤ ᠺᠤᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠤ᠂ ︽ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠳᠠᠷᠢᠵᠤ ᠲᠡᠵᠢᠭᠡᠬᠦ ᠡᠳ᠋ᠰᠢᠭᠦᠯᠬᠦ ᠡᠷᠭᠢᠯᠲᠡᠲᠦ ᠠᠵᠤ ᠦᠢᠯᠡᠰ ᠤᠨ ᠠᠭᠤᠰᠤᠯᠴᠠᠯ ᠤᠨ ᠶᠡᠷᠦᠩᠬᠡᠶᠢᠯᠡᠭᠰᠡᠨ ᠴᠣᠭᠴᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠬᠤᠷᠠᠮᠳᠤᠯ ᠬᠢᠭᠡᠳ ᠵᠢᠱᠢᠶ᠎ᠡ ᠦᠵᠡᠭᠦᠯᠭᠦ︾ ᠲᠥᠷᠥᠯ ᠵᠦᠢᠯ ᠤᠨ ᠬᠠᠮᠲᠤᠷᠠᠯᠴᠠᠭᠠᠨ ᠤ ᠰᠠᠭᠤᠷᠢᠨ ᠳᠡᠭᠡᠷ᠎ᠡ᠂ ᠳᠣᠣᠷ᠎ᠠ ᠨᠡᠭᠦᠷᠡᠰᠦᠲᠥ᠋ᠷᠥᠭᠴᠢᠲᠦ ᠪᠣᠬᠢᠷᠳᠤᠯ ᠦᠭᠡᠢ ᠡᠷᠭᠢᠯᠲᠡᠲᠦ ᠲᠠᠷᠢᠶᠠᠯᠠᠩ ᠤᠨ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠪᠠᠷ ᠪᠣᠯᠵᠠᠢ᠃      ︽ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠳᠠᠷᠢᠵᠤ ᠲᠡᠵᠢᠭᠡᠬᠦ ᠡᠳ᠋ᠰᠢᠭᠦᠯᠬᠦ ᠡᠷᠭᠢᠯᠲᠡᠲᠦ ᠠᠵᠤ ᠦᠢᠯᠡᠰ ᠤᠨ ᠠᠭᠤᠰᠤᠯᠴᠠᠯ ᠤᠨ ᠶᠡᠷᠦᠩᠬᠡᠶᠢᠯᠡᠭᠰᠡᠨ ᠴᠣᠭᠴᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠬᠤᠷᠠᠮᠳᠤᠯ ᠬᠢᠭᠡᠳ ᠵᠢᠱᠢᠶ᠎ᠡ ᠦᠵᠡᠭᠦᠯᠭᠦ︾  ᠲᠥᠷᠥᠯ ᠵᠦᠢᠯ ᠨᠢ ᠭᠦᠭᠡᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠥᠨᠳᠥᠷ  ᠪᠠᠷᠢᠮᠵᠢᠶᠠᠲᠤ   ᠲᠠᠷᠢᠶᠠᠨ   ᠭᠠᠵᠠᠷ ᠢ ᠪᠦᠲᠦᠭᠡᠨ ᠪᠠᠶᠢᠭᠤᠯᠬᠤ ᠳᠤ ᠭᠤᠣᠯᠳᠠᠯᠭ᠎ᠠ ᠲᠠᠢ ᠬᠠᠮᠵᠢᠯᠴᠠᠨ᠂  ᠬᠥᠷᠥᠰᠥ ᠰᠢᠷᠣᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠰᠣᠷᠭᠤᠭ ᠢᠶᠠᠷ ᠬᠠᠳᠠᠭᠠᠯᠠᠬᠤ ᠬᠢᠭᠡᠳ ᠨᠠᠷᠢᠯᠢᠭ ᠡᠳ᠋ᠰᠢᠭᠦᠯᠬᠦ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠬᠢᠭᠡᠳ ᠵᠢᠱᠢᠶ᠎ᠡ ᠦᠵᠡᠭᠦᠯᠭᠦ ᠶᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠡᠷᠭᠡᠵᠢᠯ ᠢ ᠳᠡᠯᠭᠡᠨ ᠦᠵᠡᠭᠦᠯᠭᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯᠪᠠᠰᠤᠷᠠᠯ ᠬᠢᠭᠡᠳ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ ᠴᠣᠭᠴᠠᠯᠠᠵᠤ ᠪᠤᠢ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ  ᠡᠨᠡ ᠵᠢᠯ ᠤᠨ 5 ᠰᠠᠷ᠎ᠠ ᠠᠴᠠ ᠡᠬᠢᠯᠡᠨ ᠢᠦᠢ ᠴᠢᠤᠸᠠᠨ ᠲᠣᠭᠤᠷᠢᠭ ᠤᠨ ᠪᠠᠭ᠎ᠠ ᠲᠦᠷᠭᠡᠨ ᠭᠤᠣᠯ ᠪᠠᠯᠭᠠᠰᠤᠨ ᠤ ᠮᠢᠩᠭᠠᠨ ᠲᠣᠰᠬᠤᠨ ᠳᠤ ᠭᠤᠣᠯᠯᠠᠨ ᠵᠢᠱᠢᠶ᠎ᠡ ᠦᠵᠡᠭᠦᠯᠵᠦ᠂ ᠬᠥᠷᠥᠰᠥ ᠰᠢᠷᠣᠢ ᠶᠢᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠂ ᠡᠷᠳᠡᠨᠢ ᠰᠢᠰᠢ ᠶᠢᠨ ᠭᠠᠷᠤᠯᠲᠠ ᠶᠢ ᠶᠡᠭᠡ ᠪᠠᠷ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠣᠷᠴᠢᠯ᠂ ᠰᠢᠨ᠎ᠡ ᠰᠣᠷᠭᠤᠭ ᠢᠶᠠᠷ ᠬᠠᠳᠠᠭᠠᠯᠠᠬᠤ ᠡᠳ᠋ᠰᠢᠭᠦᠯᠬᠦ ᠵᠡᠷᠭᠡ ᠡᠷᠳᠡᠨᠢ ᠰᠢᠰᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ᠃ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ  ᠨᠢ 2 ᠵᠢᠯ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ