ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠤᠷᠤᠨ ᠤ ︽ᠤᠨᠤᠯ ᠤᠨ ᠰᠤᠷᠤᠯᠴᠠᠯᠭ᠎ᠠ ᠶᠢᠨ ᠬᠦᠩᠭᠡᠨ ᠮᠣᠷᠢᠲᠤ ᠴᠡᠷᠢᠭ︾ ᠢ ᠤᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠢᠦᠢ ᠴᠢᠤᠸᠠᠨ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠲᠤ ᠬᠦᠷᠴᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠳᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/30
      ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠷᠭᠦᠯᠵᠢᠯᠡᠨ ᠭᠠᠷᠭᠠᠵᠤ᠂ ᠢᠦᠢ ᠴᠢᠤᠸᠠᠨ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠮ ᠳᠡᠭᠡᠷ᠎ᠡ ᠬᠦᠴᠦᠯᠡᠨ ᠴᠢᠷᠮᠠᠶᠢᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 9 ᠳ᠋ᠤᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠤᠨᠤᠯ ᠤᠨ ᠰᠤᠷᠤᠯᠴᠠᠯᠭ᠎ᠠ ᠶᠢᠨ ᠬᠦᠩᠭᠡᠨ ᠮᠣᠷᠢᠲᠤ ᠴᠡᠷᠢᠭ︾ ᠪᠠ ᠤᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠢᠦᠢ ᠴᠢᠤᠸᠠᠨ ᠲᠣᠭᠤᠷᠢᠭ ᠲᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ᠃
1.jpg
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠦᠬᠠᠢ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠵᠢᠶᠠᠩ ᠬᠦᠢ ᡁᠢ᠂ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠲᠠᠰᠤᠭ ᠤᠨ ᠪᠠᠭᠰᠢ ᠨᠠᠮᠤᠭᠤᠬᠠᠨ ᠵᠡᠷᠭᠡ 7 ᠤᠬᠠᠭᠤᠯᠤᠨ ᠲᠠᠶᠢᠯᠪᠤᠷᠢᠯᠠᠭᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠪᠡᠶ᠎ᠡ ᠶᠢᠨ ᠦᠰᠦᠨ ᠪᠤᠶᠢᠵᠢᠭᠰᠠᠨ ᠥᠩᠭᠡᠷᠡᠯᠲᠡ ᠲᠠᠢ ᠪᠠᠨ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠬᠡᠬᠡᠯᠳᠡ ᠶᠢᠨ ᠲᠤᠬᠠᠢ ᠲᠦᠷᠦᠭᠳᠡᠯ ᠢᠶᠠᠨ ᠠᠮᠢᠳᠤᠯᠢᠭ ᠢᠶᠠᠷ ᠶᠠᠷᠢᠵᠤ᠂ ᠲᠤᠬᠠᠢ ᠶᠢᠨ ᠲᠠᠯᠠᠪᠠᠢ ᠶᠢᠨ ᠰᠣᠨᠣᠰᠤᠭᠴᠢᠳ ᠤᠨ ᠴᠢᠩᠭ᠎ᠠ ᠬᠦᠷᠢᠶᠡᠯᠡᠯ ᠢ ᠣᠯᠵᠠᠢ᠃
2.jpg
      ᠲᠤᠬᠠᠶ ᠶᠢᠨ ᠲᠠᠯᠠᠪᠠᠢ ᠳᠤ ᠪᠠᠶᠢᠭᠤᠯᠭ᠎ᠠ ᠶᠢᠨ ᠺᠠᠳ᠋ᠷ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠤᠬᠠᠭᠤᠯᠤᠨ ᠲᠠᠶᠢᠯᠪᠤᠷᠢᠯᠠᠬᠤ ᠭᠤᠤᠯ ᠰᠡᠳᠦᠪ ᠲᠣᠳᠣᠷᠬᠠᠶ᠂ ᠠᠭᠤᠯᠭ᠎ᠠ ᠨᠠᠷᠢᠨ ᠪᠣᠳᠠᠲᠠᠶ ᠭᠡᠵᠦ ᠰᠠᠨᠠᠯ ᠨᠢᠭᠡᠲᠡᠶ ᠦᠵᠡᠵᠦ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠦᠨ ᠳᠠᠪᠬᠤᠷᠭ᠎ᠠ ᠶᠢᠨ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠬᠤ ᠪᠠ ᠣᠨᠣᠪᠴᠢᠲᠠᠶ ᠡᠵᠡᠮᠰᠢᠬᠦ ᠲᠤᠬᠠᠶ ᠨᠡᠩ ᠭᠦᠨᠵᠡᠭᠡᠶ ᠲᠠᠨᠢᠯᠲᠠ ᠲᠠᠢ ᠪᠣᠯᠪᠠ᠃ ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠬᠠᠷᠢᠭᠤᠴᠠᠯᠭ᠎ᠠ ᠡᠭᠦᠷᠭᠡᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠰᠢᠨ᠎ᠡ ᠭᠠᠷᠤᠭ᠎ᠠ ᠳᠤ ᠰᠠᠭᠤᠷᠢᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠦᠢ ᠴᠢᠤᠸᠠᠨ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠰᠡᠳᠬᠢᠯ ᠵᠢᠷᠦᠬᠡ ᠪᠠᠨ ᠨᠠᠮ ᠳᠠᠭᠠᠨ ᠬᠠᠨᠳᠤᠭᠤᠯᠵᠤ᠂ ᠨᠠᠮ ᠤᠨ ᠲᠥᠪ ᠬᠤᠷᠢᠶ᠎ᠠ ᠲᠠᠢ ᠰᠡᠳᠬᠢᠯ ᠵᠢᠷᠦᠬᠡ ᠪᠠᠨ ᠬᠤᠯᠪᠣᠬᠤ ᠢᠷᠠᠭᠤ ᠠᠯᠳᠠᠷᠲᠤ ᠤᠯᠠᠮᠵᠢᠯᠠᠯ ᠢᠶᠠᠨ ᠨᠡᠩ ᠦᠨᠡᠨ ᠰᠡᠳᠬᠢᠯ ᠠᠴᠠ ᠪᠠᠨ ᠤᠯᠠᠮᠵᠢᠯᠠᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠵᠣᠷᠢᠭᠵᠢᠭᠤᠯᠤᠨ ᠳᠠᠶᠢᠴᠢᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠨ ᠤ ᠲᠥᠪ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠭᠦᠯᠬᠦ ᠪᠣᠯᠤᠨ᠎ᠠ᠃                          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ 
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ