ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠪᠦᠭᠦ ᠣᠷᠣᠨ ᠤ ᠡᠯ᠎ᠡ ᠱᠠᠲᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠨ ᠬᠢᠨ | ᠠᠷᠠᠳ ᠲᠤ ᠠᠰᠢᠭ ᠬᠦᠷᠲᠡᠭᠡᠬᠦ ᠲᠣᠬᠯᠠᠯᠲᠠ᠂ ᠤᠷᠠᠯᠢᠭ ᠤᠨ ᠦᠵᠡᠰᠭᠦᠯᠡᠩ᠂ ᠪᠣᠯᠪᠠᠰᠤᠷᠠᠯ ᠲᠠᠶᠢᠯᠤᠮᠵᠢ᠂ ᠤᠩᠰᠢᠯᠭ᠎ᠠ ᠶᠢᠨ ᠳᠡᠯᠭᠡᠷᠡᠭᠦᠯᠦᠯᠲᠡ ᠵᠡᠷᠭᠡ ᠶᠢ | ᠪᠠᠭᠲᠠᠭᠠᠭᠰᠠᠨ 130 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠪᠡᠯᠡᠳᠬᠡᠪᠡ᠃ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠨᠢ ᠤᠯᠠᠨ ᠲᠦᠮᠡᠨ ᠢ | ᠤᠯᠤᠰ ᠭᠡᠷ ᠤᠨ ᠬᠠᠶᠢᠷ᠎ᠠ ᠰᠡᠳᠬᠢᠯᠭᠡ ᠲᠠᠢ ᠪᠤᠯᠭᠠᠵᠤ᠂ ᠪᠠᠶᠠᠷ ᠪᠠᠶᠠᠰᠬᠤᠯᠠᠩ ᠲᠠᠢ ᠪᠣᠯᠪᠠᠰᠤᠨ ᠥᠭᠡᠳᠡᠷᠬᠡᠭ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ | ᠪᠤᠯᠭᠠᠬᠤ ᠶᠢ ᠬᠥᠲᠥᠯᠥᠨ ᠳᠠᠭᠠᠭᠤᠯᠬᠤ ᠪᠣᠯᠣᠨ᠎ᠠ᠃ | 130 ᠵᠦᠢᠯ ᠤᠨ ᠠᠵᠢᠯᠯᠠᠭ᠎ᠠ ᠳᠤ ᠭᠦᠭᠡᠬᠤᠲᠠ ᠶᠢᠨ ᠬᠢᠨ ︽ᠮᠣᠷᠢ︾ ᠭᠡᠬᠦ ᠭᠤᠣᠯ ᠰᠡᠳᠦᠪ ᠤᠨ ᠲᠣᠭᠤᠷᠢᠨ ᠳᠤ 14 ᠵᠦᠢᠯ ᠤᠨ ᠠᠵᠢᠯᠯᠠᠭ᠎ᠠ | ᠥᠷᠨᠢᠭᠦᠯᠦᠨ᠎ᠡ᠃ ᠪᠤᠭᠤᠲᠤ ᠬᠤᠳᠠ ᠨᠢ ᠡᠷᠲᠡᠨ ᠤ ᠬᠤᠳᠠ ᠶᠢᠨ ᠲᠠᠯ᠎ᠠ ᠨᠤᠲᠤᠭ ᠤᠨ ᠨᠠᠭᠠᠳᠤᠮ ᠵᠡᠷᠭᠡ 12 ᠵᠦᠢᠯ ᠤᠨ ᠠᠵᠢᠯᠯᠠᠭ᠎ᠠ ᠥᠷᠨᠢᠭᠦᠯᠦᠨ᠎ᠡ᠃ ᠬᠥᠯᠥᠨ | ᠪᠤᠶᠢᠷ ᠬᠤᠲᠠ ᠠᠯᠲᠠᠨ ᠨᠠᠮᠤᠷ ᠤᠨ ᠠᠷᠪᠠᠨ ᠰᠠᠷ᠎ᠠ·ᠰᠢᠯᠦᠭ ᠬᠢᠭᠡᠳ ᠠᠯᠤᠰ ᠤᠨ ᠠᠶᠠᠯᠠᠯ ᠵᠡᠷᠭᠡ 6 ᠵᠦᠢᠯ ᠤᠨ ᠠᠵᠢᠯᠯᠠᠭ᠎ᠠ ᠥᠷᠨᠢᠭᠦᠯᠦᠨ᠎ᠡ᠃ ᠬᠢᠩᠭᠠᠨ ᠠᠶᠢᠮᠠᠭ | ᠤᠯᠠᠭᠠᠨᠮᠣᠳᠤ ᠶᠢᠨ ᠲᠠᠯ᠎ᠠ ᠨᠤᠲᠤᠭ ᠲᠤ 7 ᠵᠦᠢᠯ ᠤᠨ ᠠᠵᠢᠯᠯᠠᠭ᠎ᠠ ᠥᠷᠨᠢᠭᠦᠯᠦᠨ᠎ᠡ᠃ ᠲᠦᠩᠯᠢᠶᠣᠣ ᠬᠤᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠤᠯᠠᠭᠠᠨᠮᠥ᠋ᠴᠢᠷ ᠤᠨ ᠬᠠᠮᠲᠤᠷᠠᠭᠰᠠᠨ ᠲᠣᠬᠯᠠᠯᠲᠠ︾ ᠵᠡᠷᠭᠡ 10 ᠵᠦᠢᠯ ᠤᠨ ᠠᠵᠢᠯᠯᠠᠭ᠎ᠠ | ᠥᠷᠨᠢᠭᠦᠯᠦᠨ᠎ᠡ᠃ ᠤᠯᠠᠭᠠᠨᠬᠠᠳᠠ ᠬᠤᠳᠠ ︽ᠵᠠᠭᠤᠨ ᠮᠧᠲᠷ ᠤᠨ ᠤᠷᠳᠤ ᠡᠪᠬᠡᠮᠡᠯ ᠳᠤ ᠳᠤᠮᠳᠠᠳᠤ ᠤᠯᠤᠰ ᠢ ᠵᠢᠷᠤᠬᠤ︾ 7 ᠵᠦᠢᠯ ᠤᠨ ᠠᠵᠢᠯᠯᠠᠭ᠎ᠠ | ᠥᠷᠨᠢᠭᠦᠯᠦᠨ᠎ᠡ᠃ ᠰᠢᠯᠢ ᠶᠢᠨ ᠭᠤᠣᠯ ᠠᠶᠢᠮᠠᠭ ᠲᠠᠰ ᠠᠴᠠ ᠳᠠᠪᠠᠭᠰᠠᠨ ᠮᠠᠰᠢᠨ ᠲᠡᠷᠭᠡᠨ ᠤ ᠠᠪᠤᠷᠭᠤ ᠪᠤᠯᠢᠶᠠᠯᠳᠤᠬᠤ ᠤᠷᠤᠯᠳᠤᠭᠠᠨ ᠵᠡᠷᠭᠡ 10 ᠵᠦᠢᠯ ᠤᠨ | ᠠᠵᠢᠯᠯᠠᠭ᠎ᠠ ᠥᠷᠨᠢᠭᠦᠯᠦᠨ᠎ᠡ᠃ ᠤᠯᠠᠭᠠᠨᠴᠠᠪ ᠬᠤᠲᠠ ᠨᠢ ᠲᠠᠪᠤᠨ ᠡᠳᠦᠷ ᠤᠨ ᠬᠤᠭᠤᠴᠠᠭ᠎ᠠ ᠲᠠᠢ ᠤᠯᠠᠭᠠᠨᠬᠠᠳᠠ ᠭᠠᠯᠲᠤ ᠠᠭᠤᠯᠠ ᠪᠠᠷ ᠵᠢᠭᠤᠯᠴᠢᠯᠠᠬᠤ ᠵᠡᠷᠭᠡ 7 | ᠵᠦᠢᠯ ᠤᠨ ᠠᠵᠢᠯᠯᠠᠭ᠎ᠠ ᠥᠷᠨᠢᠭᠦᠯᠦᠨ᠎ᠡ᠃ ᠣᠷᠳᠣᠰ ᠬᠤᠳᠠ ᠵᠢᠯᠣᠭᠤᠴᠢ ᠦᠭᠡᠢ ᠨᠢᠰᠬᠡᠯ ᠤᠨ ᠲᠣᠬᠯᠠᠯᠲᠠ ᠵᠡᠷᠭᠡ 13 ᠵᠦᠢᠯ ᠤᠨ ᠠᠵᠢᠯᠯᠠᠭ᠎ᠠ ᠥᠷᠨᠢᠭᠦᠯᠦᠨ᠎ᠡ᠃ | ᠪᠠᠶᠠᠨᠨᠠᠭᠤᠷ ᠬᠤᠲᠠ ᠤᠯᠠᠭᠠᠨᠪᠤᠬ᠎ᠠ ᠶᠢᠨ ᠡᠯᠡᠰᠦ ᠪᠠ ᠨᠠᠭᠤᠷ ᠤᠨ ᠵᠢᠭᠤᠯᠴᠢᠯᠠᠯ ᠤᠨ ᠣᠷᠣᠨ ᠤ ᠳᠠᠭᠤᠤ ᠬᠥᠭᠵᠢᠮ ᠤᠨ ᠨᠠᠶᠢᠷ ᠵᠡᠷᠭᠡ 9 ᠵᠦᠢᠯ ᠤᠨ | ᠠᠵᠢᠯᠯᠠᠭ᠎ᠠ ᠥᠷᠨᠢᠭᠦᠯᠦᠨ᠎ᠡ᠃ ᠦᠬᠠᠢ ᠬᠤᠳᠠ ᠳᠤᠮᠳᠠᠳᠤ ᠤᠯᠤᠰ ᠤᠨ ᠡᠯᠡᠰᠦᠨ ᠴᠦᠯ ᠤᠨ ᠴᠤᠪᠤᠭ᠎ᠠ ᠠᠩᠭᠢ ᠶᠢᠨ ᠣᠨ ᠤ ᠬᠤᠷᠠᠯ ᠪᠠ ᠤᠷᠤᠯᠳᠤᠭᠠᠨ ᠵᠡᠷᠭᠡ | 5 ᠵᠦᠢᠯ ᠤᠨ ᠠᠵᠢᠯᠯᠠᠭ᠎ᠠ ᠥᠷᠨᠢᠭᠦᠯᠦᠨ᠎ᠡ᠃ ᠠᠯᠠᠱᠠ ᠠᠶᠢᠮᠠᠭ ︽2024 ᠣᠨ ᠤ ᠠᠯᠠᠱᠠ ᠶᠢᠨ ᠪᠠᠭᠠᠲᠤᠳ ᠤᠨ ᠴᠤᠭᠯᠠᠭᠠᠨ︾ ᠵᠡᠷᠭᠡ 9 ᠵᠦᠢᠯ ᠤᠨ | ᠠᠵᠢᠯᠯᠠᠭ᠎ᠠ ᠥᠷᠨᠢᠭᠦᠯᠦᠨ᠎ᠡ᠃ | ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ 4 ᠵᠦᠢᠯ᠂ ᠥᠪᠥᠷ ᠮᠣᠩᠭᠤᠯ ᠤᠨ ᠮᠦᠽᠧᠢ 5 ᠵᠦᠢᠯ᠂ ᠥᠪᠥᠷ ᠮᠣᠩᠭᠤᠯ ᠤᠨ ᠨᠣᠮ ᠤᠨ | ᠰᠠᠩ 3 ᠵᠦᠢᠯ᠂ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ 6 ᠵᠦᠢᠯ᠂ ᠥᠪᠥᠷ ᠮᠣᠩᠭᠤᠯ ᠤᠨ ᠰᠣᠶᠣᠯ ᠤᠨ ᠣᠷᠳᠣᠨ 3 ᠵᠦᠢᠯ ᠤᠨ ᠠᠵᠢᠯᠯᠠᠭ᠎ᠠ ᠶᠢ | ᠲᠤᠰ ᠲᠤᠰ ᠥᠷᠨᠢᠭᠦᠯᠵᠦ᠂ ᠠᠭᠤᠤ ᠶᠡᠭᠡ ᠡᠬᠡ ᠤᠯᠤᠰ ᠤᠨ 75 ᠵᠢᠯ ᠤᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠠ ᠭᠦᠨᠵᠡᠭᠡᠢ ᠬᠤᠪᠢᠰᠤᠯᠲᠠ ᠶᠢ | ᠪᠦᠭᠦ ᠲᠠᠯ᠎ᠠ ᠪᠠᠷ ᠳᠡᠯᠭᠡᠨ ᠦᠵᠡᠭᠦᠯᠭᠦ ᠪᠣᠯᠣᠨ᠎ᠠ᠃ | | | | | | | | | | | | | | | | | | | | | | | | |