ᠪᠦᠭᠦ ᠤᠯᠤᠰ ᠤᠨ 50 ᠬᠦᠴᠦᠷᠬᠡᠭ︕ ᠭᠦᠭᠡᠬᠤᠲᠠ ᠠᠮᠵᠢᠯᠲᠠ ᠲᠠᠢ ᠪᠠᠷ ᠰᠣᠩᠭᠤᠭᠳᠠᠪᠠ︕
ᠨᠡᠶᠢᠲᠡᠯᠡᠭᠰᠡᠨ ᠴᠠᠭ᠄
2024/9/30
      9 ᠰᠠᠷ᠎ᠠ ᠶᠢᠨ 26 ᠤ ᠡᠳᠦᠷ᠂ 2024 ᠣᠨ ᠤ ᠰᠦᠵᠧᠦ ᠶᠢᠨ ᠣᠯᠠᠨ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠡᠭᠡ ᠬᠤᠷᠠᠯ ᠳᠡᠭᠡᠷ᠎ᠡ᠂ ᠳᠤᠮᠳᠠᠳᠤ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢᠨ ᠰᠤᠳᠤᠯᠭᠠᠨ ᠤ ᠨᠡᠶᠢᠭᠡᠮᠯᠢᠭ ᠪᠣᠯᠣᠨ ᠤᠯᠠᠨ ᠡᠷᠬᠡ ᠰᠦᠷᠲᠦ ᠪᠠᠶᠢᠭᠤᠯᠤᠮᠵᠢ ᠶᠢᠨ ᠬᠠᠮᠲᠤᠷᠠᠨ ᠪᠡᠶᠡᠯᠡᠭᠦᠯᠦᠭᠰᠡᠨ ︽2024 ᠣᠨ ᠤ ᠳᠤᠮᠳᠠᠳᠤ ᠤᠯᠤᠰ ᠤᠨ ᠴᠢᠳᠠᠪᠤᠷᠢᠲᠠᠨ ᠤ ᠨᠥᠭᠦᠷᠰᠡᠭ ᠬᠤᠳᠠ ᠶᠢᠨ ᠰᠤᠳᠤᠯᠭᠠᠨ ᠤ ᠮᠡᠳᠡᠭᠦᠯᠦᠯᠲᠡ︾ ᠶᠢ ᠵᠢᠩᠬᠢᠨᠢ ᠪᠠᠷ ᠨᠡᠶᠢᠲᠡᠯᠡᠪᠡ᠃ ︽2024 ᠣᠨ ᠤ ᠬᠠᠮᠤᠭ ᠤᠨ ᠰᠢᠯᠢᠳᠡᠭ ᠴᠢᠳᠠᠪᠤᠷᠢᠲᠠᠨ ᠤ ᠬᠥᠭᠵᠢᠯᠲᠡ ᠶᠢᠨ ᠠᠮᠢ ᠠᠬᠤᠢ ᠶᠢᠨ ᠬᠤᠲᠠ ᠶᠢᠨ ᠪᠦᠭᠦ ᠤᠯᠤᠰ ᠤᠨ 50 ᠬᠦᠴᠦᠷᠬᠡᠭ︾ ᠲᠤ ᠮᠠᠨ ᠤ ᠣᠷᠣᠨ ᠤ 2 ᠬᠤᠳᠠ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠲᠣᠰ ᠲᠣᠰ ᠭᠦᠭᠡᠬᠤᠲᠠ ᠪᠠ ᠣᠷᠳᠣᠰ ᠪᠣᠯᠣᠨ᠎ᠠ᠃ ᠡᠭᠦᠨ ᠳᠤ ᠭᠦᠭᠡᠬᠤᠳᠠ 41ᠳ᠋ᠦ᠋ᠭᠡᠷ ᠲᠤ ᠵᠢᠭᠰᠠᠵᠤ᠂ ᠮᠠᠨ ᠤ ᠤᠯᠤᠰ ᠤᠨ ᠪᠠᠷᠠᠭᠤᠨ ᠬᠤᠶᠢᠲᠤ ᠬᠡᠰᠡᠭ ᠤᠨ ᠨᠡᠷᠡᠰ ᠤᠨ ᠵᠢᠭᠰᠠᠭᠠᠯᠲᠠ ᠪᠠᠷ ᠬᠠᠮᠤᠭ ᠤᠨ ᠥᠨᠳᠥᠷ ︽ᠮᠤᠵᠢ ᠶᠢᠨ ᠲᠥᠪ ᠬᠤᠲᠠ︾ ᠪᠣᠯᠵᠤ᠂ ᠣᠷᠳᠣᠰ 49 ᠳ᠋ᠦ᠋ᠭᠡᠷ ᠲᠤ ᠵᠢᠭᠰᠠᠭᠠᠭᠳᠠᠪᠠ᠃
转发093001.png
      ᠡᠨᠡ ᠪᠣᠯ ᠭᠦᠭᠡᠬᠤᠲᠠ ᠶᠢᠨ 2024 ᠣᠨ ᠤ ᠴᠢᠳᠠᠪᠤᠷᠢᠲᠠᠨ ᠤ ᠠᠵᠢᠯ ᠤᠨ ᠲᠠᠯ᠎ᠠ ᠪᠠᠷ ᠰᠣᠩᠭᠤᠭᠳᠠᠭᠰᠠᠨ ᠬᠤᠶᠠᠳᠠᠭᠢ ᠨᠡᠷᠡᠰ ᠤᠨ ᠵᠢᠭᠰᠠᠭᠠᠯᠲᠠ ᠪᠣᠯᠣᠨ᠎ᠠ᠃ ᠡᠨᠡ ᠵᠢᠯ ᠤᠨ 6 ᠰᠠᠷ᠎ᠠ ᠳᠤ᠂ ᠳᠤᠮᠳᠠᠳᠤ ᠤᠯᠤᠰ ᠤᠨ ᠭᠤᠣᠯ ᠪᠤᠯᠬᠤ ᠠᠵᠢᠯᠲᠠᠨ ᠡᠯᠰᠡᠬᠦ ᠲᠠᠪᠴᠠᠩ ︱ ᡁᠢ ᠯᠢᠶᠠᠨ ᠠᠵᠢᠯᠲᠠᠨ ᠡᠯᠰᠡᠬᠦ ᠲᠠᠪᠴᠠᠩ ᠳᠤ ︽ᠳᠤᠮᠳᠠᠳᠤ ᠤᠯᠤᠰ ᠤᠨ ᠬᠤᠲᠠ ᠶᠢᠨ ᠴᠢᠳᠠᠪᠤᠷᠢᠲᠠᠨ ᠤ ᠲᠠᠲᠠᠬᠤ ᠬᠦᠴᠦᠨ ᠤ ᠨᠡᠷᠡᠰ ᠤᠨ ᠵᠢᠭᠰᠠᠭᠠᠯᠲᠠ ︵2024︶︾ ᠶᠢ ᠨᠡᠶᠢᠲᠡᠯᠡᠵᠦ᠂ ᠭᠦᠭᠡᠬᠤᠲᠠ ᠵᠠᠭᠤᠨ ᠬᠦᠴᠦᠷᠬᠡᠭ ᠤᠨ ᠳᠣᠲᠣᠷ᠎ᠠ 51ᠳ᠋ᠦ᠋ᠭᠡᠷ ᠪᠠᠶᠢᠷᠢᠨ ᠳᠤ ᠵᠢᠭᠰᠠᠵᠤ᠂ ᠮᠠᠨ ᠤ ᠤᠯᠤᠰ ᠤᠨ ᠪᠠᠷᠠᠭᠤᠨ ᠬᠤᠶᠢᠲᠤ ᠶᠢᠨ ᠡᠯ᠎ᠡ ᠭᠤᠣᠯ ᠬᠤᠲᠠ ᠶᠢᠨ ᠲᠡᠷᠢᠭᠦᠨ ᠳᠤ ᠣᠷᠣᠵᠤ᠂ 4 ᠵᠢᠯ ᠳᠠᠷᠠᠭᠠᠯᠠᠨ ᠲᠦᠷᠦᠭᠦᠯᠡᠵᠦ ᠪᠠᠶᠢᠨ᠎ᠠ᠃ ᠡᠨᠡ ᠪᠣᠯ ᠲᠣᠮᠣ ᠳ᠋ᠠᠶᠢᠲ᠋ᠠ ᠪᠠ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠢᠶᠠᠷ ᠰᠠᠭᠤᠷᠢ ᠪᠤᠯᠭᠠᠵᠤ᠂ ᠪᠦᠭᠦ ᠤᠯᠤᠰ ᠤᠨ ᠬᠤᠲᠠ ᠶᠢᠨ ᠲᠦᠷᠦᠭᠦᠸ ᠨᠢᠭᠡ ᠵᠢᠯ ᠤᠨ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢ ᠵᠣᠬᠢᠬᠤ ᠬᠡᠮᠵᠢᠶ᠎ᠡ ᠪᠠᠷ ᠪᠤᠳᠤᠵᠤ ᠵᠠᠳᠠᠯᠤᠭᠰᠠᠨ ᠤ ᠦᠷ᠎ᠡ ᠳ᠋ᠦᠩ ᠮᠥᠨ᠂ ᠡᠨᠡ ᠨᠢ ᠪᠦᠭᠦ ᠤᠯᠤᠰ ᠤᠨ ᠭᠤᠣᠯ ᠪᠤᠯᠬᠤ ᠬᠤᠲᠠ ᠶᠢᠨ ᠴᠢᠳᠠᠪᠤᠷᠢᠲᠠᠨ ᠤ ᠰᠢᠯᠵᠢᠯᠲᠡ ᠶᠢᠨ ᠣᠳᠣᠬᠢ ᠪᠠᠶᠢᠳᠠᠯ ᠪᠠ ᠴᠢᠳᠠᠪᠤᠷᠢᠲᠠᠨ ᠤ ᠬᠥᠭᠵᠢᠯᠲᠡ ᠶᠢᠨ ᠠᠮᠢ ᠠᠬᠤᠢ ᠶᠢᠨ ᠣᠳᠣᠬᠢ ᠪᠠᠶᠢᠳᠠᠯ ᠢ ᠪᠦᠭᠦ ᠲᠠᠯ᠎ᠠ ᠪᠠᠷ ᠲᠤᠰᠬᠠᠭᠰᠠᠨ ᠪᠠᠶᠢᠨ᠎ᠠ᠃
转发093002.png
      ᠣᠶᠢᠷ᠎ᠠ ᠶᠢᠨ ᠵᠢᠯ ᠠᠴᠠ ᠭᠦᠭᠡᠬᠤᠲᠠ ᠶᠢᠨ ᠬᠢᠨ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠰᠢᠯᠤᠭᠤᠳᠬᠠᠵᠤ᠂ ᠭᠤᠣᠯᠳᠠᠯᠭ᠎ᠠ ᠲᠠᠢ ᠴᠢᠳᠠᠪᠤᠷᠢᠲᠠᠨ ᠤ ᠲᠦᠷᠦᠯ ᠵᠦᠢᠯ ᠢ ᠠᠬᠢᠭᠤᠯᠵᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠳᠠᠪᠤᠷᠢᠲᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠭᠦ ᠬᠤᠳᠠ ᠶᠢᠨ ᠴᠢᠳᠠᠪᠤᠷᠢᠲᠠᠨ ᠤ ᠠᠵᠢᠯ ᠶᠠᠭ ᠥᠷᠨᠢᠨ ᠬᠥᠭᠵᠢᠵᠦ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ