ᠬᠥᠬᠡᠬᠤᠲᠠ 3.2 ᠲᠦᠮᠡᠨ ᠢᠵᠢ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠤᠭᠰᠠᠷᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/9/5
      ︵ᠰᠤᠷᠪᠤᠯᠵᠢᠯᠠᠭᠴᠢ ᠯᠢᠦ ᠯᠢ ᠰᠢᠶᠠ︶ ᠢᠯᠴᠢ ᠬᠠᠩᠭᠠᠬᠤ ᠤᠯᠠᠷᠢᠯ ᠤᠳᠠᠯ ᠦᠭᠡᠢ ᠬᠦᠷᠴᠦ ᠢᠷᠡᠨ᠎ᠡ᠂ ᠬᠥᠬᠡᠬᠤᠲᠠ ᠶᠢᠨ ᠬᠤᠲᠠ ᠶᠢᠨ ᠰᠢᠲᠠᠮᠠᠬᠠᠶ ᠬᠡᠢ ᠢᠯᠴᠢ ᠶᠢᠨ ᠬᠦᠴᠦᠨ ᠤ ᠪᠦᠯᠦᠭᠯᠡᠯ ᠢᠯᠴᠢ ᠬᠠᠩᠭᠠᠬᠤ ᠬᠤᠭᠤᠴᠠᠭ᠎ᠠ ᠠᠴᠠ ᠡᠮᠦᠨ᠎ᠡ᠂ ᠳᠠᠬᠢᠨ 3.2 ᠲᠦᠮᠡᠨ ᠢᠵᠢ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠤᠭᠰᠠᠷᠠᠵᠤ᠂ ᠢᠯᠴᠢ ᠬᠠᠩᠭᠠᠬᠤ ᠦᠢᠯᠡᠴᠢᠯᠡᠭᠡ ᠶᠢ ᠨᠡᠩ ᠤᠶᠤᠨᠯᠢᠭ ᠪᠣᠯᠭᠠᠬᠤ ᠪᠠᠷ ᠲᠥᠯᠥᠪᠯᠡᠵᠦ ᠪᠠᠢᠨ᠎ᠠ᠃ 9 ᠳ᠋ᠦ᠋ᠭᠡᠷ ᠰᠠᠷ᠎ᠠ ᠶᠢᠨ 2 ᠤᠨ ᠡᠳᠦᠷ᠂ ᠰᠤᠷᠪᠤᠯᠵᠢᠯᠠᠭᠴᠢ  ᠰᠠᠶᠢᠬᠠᠨ ᠲᠣᠭᠤᠷᠢᠭ ᠤᠨ ᠰᠢᠨ ᠺᠠᠩ ᠴᠡᠴᠡᠷᠯᠢᠭ ᠤᠨ ᠡᠮᠦᠨ᠎ᠡ ᠲᠣᠭᠤᠷᠢᠭ ᠲᠤ ᠬᠦᠷᠴᠦ᠂ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠶᠢᠨ ᠦᠢᠯᠡᠳᠪᠦᠷᠢ ᠶᠢᠨ ᠢᠨᠵᠧᠨᠧᠷ ᠶᠠᠭ 16 ᠳ᠋ᠤᠭᠠᠷ ᠠᠰᠠᠷ ᠲᠤ ᠰᠠᠭᠤᠵᠤ ᠪᠠᠢᠭ᠎ᠠ ᠵᠠᠩ ᠠᠪᠤᠭᠠᠢ ᠶᠢᠨ ᠭᠡᠷ ᠲᠤ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠤᠭᠰᠠᠷᠠᠵᠤ ᠪᠠᠶᠢᠭ᠎ᠠ ᠶᠢ ᠰᠤᠷᠪᠤᠯᠵᠢᠯᠠᠪᠠ᠃ ᠢᠨᠵᠧᠨᠧᠷ ᠬᠡᠷᠡᠮ ᠳᠡᠭᠡᠷᠡᠬᠢ ᠨᠡᠭᠡᠭᠡᠯᠭᠡ ᠶᠢᠨ ᠬᠠᠪᠲᠠᠰᠤ ᠶᠢ ᠪᠣᠯᠪᠠᠰᠤᠷᠠᠩᠭᠤᠶ ᠪᠠᠷ ᠵᠠᠳᠠᠯᠵᠤ ᠬᠠᠶᠠᠭᠠᠳ ᠨᠢᠭᠡᠨ ᠳᠡᠯᠭᠡᠴᠡ ᠲᠠᠢ ᠡᠯᠧᠺᠲᠷᠣᠨ ᠲᠣᠨᠤᠭ ᠪᠠ ᠨᠢᠭᠤᠷ ᠬᠠᠪᠲᠠᠰᠤ ᠶᠢᠨ ᠳᠣᠲᠣᠭᠠᠳᠤ ᠶᠢᠨ ᠤᠲᠠᠰᠤ ᠶᠢ ᠵᠠᠯᠭᠠᠵᠤ᠂ ᠨᠡᠭᠡᠭᠡᠯᠭᠡ ᠶᠢᠨ ᠬᠠᠪᠲᠠᠰᠤ ᠳᠡᠭᠡᠷ᠎ᠡ ᠰᠢᠭᠢᠳᠬᠡᠨ ᠤᠭᠰᠠᠷᠠᠵᠤ᠂ ᠪᠦᠬᠦᠶᠢᠯᠡ ᠤᠭᠰᠠᠷᠠᠬᠤ ᠶᠠᠪᠤᠴᠠ ᠨᠢ 5 ᠮᠢᠨᠦ᠋ᠲ ᠠᠴᠠ ᠬᠡᠲᠦᠷᠡᠬᠦ ᠦᠭᠡᠢ ᠪᠥᠭᠡᠳ ᠪᠠᠰᠠ ᠬᠡᠷᠡᠭᠯᠡᠭᠴᠢ ᠶᠢᠨ ᠭᠡᠷ ᠤᠨ ᠬᠡᠷᠡᠮ ᠳᠡᠭᠡᠷ᠎ᠡ ᠳᠠᠬᠢᠨ ᠨᠦᠬᠡ ᠴᠤᠭᠤᠯᠠᠬᠤ ᠬᠡᠷᠡᠭ ᠦᠭᠡᠢ᠃      ᠬᠥᠬᠡᠬᠤᠲᠠ ᠶᠢᠨ ᠴᠧᠩ ᠹᠠ ᠢᠯᠴᠢ ᠬᠠᠩᠭᠠᠬᠤ ᠺᠣᠮᠫᠠᠨᠢ ᠶᠢᠨ ᠵᠢᠨᠴᠢᠶᠣᠣ ᠬᠤᠪᠢᠶᠠᠷᠢ ᠺᠣᠮᠫᠠᠨᠢ ᠶᠢᠨ ᠬᠡᠷᠡᠭᠯᠡᠭᠴᠢᠳ ᠤᠨ ᠦᠢᠯᠡᠴᠢᠯᠡᠭᠡᠨ ᠤ ᠭᠠᠵᠠᠷ ᠤᠨ ᠳᠠᠷᠤᠭ᠎ᠠ ᠶᠦᠨ ᠶᠤᠸᠠᠢ ᠶᠢᠨ ᠲᠠᠨᠢᠯᠴᠠᠭᠤᠯᠤᠭᠰᠠᠨ ᠢᠶᠠᠷ᠂ ︽ᠵᠢᠯ ᠪᠦᠷᠢ ᠶᠢᠨ ᠳᠤᠯᠠᠭᠠᠯᠠᠭ᠎ᠠ ᠶᠢᠨ ᠬᠤᠭᠤᠴᠠᠭᠠᠨ ᠳᠤ᠂ ᠭᠡᠷ ᠲᠣᠲᠣᠷᠠᠬᠢ ᠲᠣᠯᠠᠭᠠᠨ ᠤ ᠬᠡᠮᠵᠢᠶ᠎ᠡ ᠪᠣᠯ ᠴᠥᠮ ᠬᠡᠷᠡᠭᠯᠡᠭᠴᠢᠳ ᠤᠨ ᠠᠩᠬᠠᠷᠤᠯ ᠤᠨ ᠲᠦᠪᠯᠡᠷᠡᠯ ᠪᠣᠯᠤᠨ᠎ᠠ᠃ ᠭᠡᠪᠡᠴᠦ ᠪᠣᠳᠠᠲᠠᠶ ᠳᠤᠯᠠᠭᠠᠨ ᠢ ᠬᠡᠮᠵᠢᠬᠦ ᠦᠶ᠎ᠡ ᠳᠤ᠂ ᠦᠷ᠎ᠡ ᠳ᠋ᠦᠩ ᠨᠢ ᠴᠥᠮ ᠳᠤᠯᠠᠭᠠᠨ ᠤ ᠬᠡᠮᠵᠢᠯᠲᠡ ᠶᠢᠨ ᠣᠷᠣᠨ ᠪᠠᠶᠢᠷᠢ᠂ ᠳᠤᠯᠠᠭᠠᠨ ᠤ ᠬᠡᠮᠵᠢᠯᠲᠡ ᠶᠢᠨ ᠴᠠᠭ᠂ ᠳᠤᠯᠠᠭᠠᠨ ᠤ ᠬᠡᠮᠵᠢᠯᠲᠡ ᠶᠢᠨ ᠪᠠᠭᠠᠵᠢ ᠬᠡᠷᠡᠭᠰᠡᠯ ᠵᠡᠷᠭᠡ ᠡᠯᠧᠮᠧᠨ᠋ᠲ ᠤᠨ ᠨᠥᠯᠥᠭᠡ ᠠᠴᠠ ᠪᠣᠯᠵᠤ᠂ ᠬᠡᠮᠵᠢᠯᠲᠡ ᠶᠢᠨ ᠦᠷ᠎ᠡ ᠳ᠋ᠦᠩ ᠤᠨ ᠵᠥᠷᠢᠶ᠎ᠡ ᠨᠡᠯᠢᠶᠡᠳ ᠶᠡᠭᠡ ᠪᠠᠶᠢᠳᠠᠭ᠂ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠨᠢ ᠡᠨᠡ ᠬᠦ ᠠᠰᠠᠭᠤᠳᠠᠯ ᠢ ᠮᠠᠰᠢ ᠰᠠᠶᠢᠨ ᠰᠢᠢᠳᠪᠦᠷᠢᠯᠡᠵᠦ ᠴᠢᠳᠠᠨ᠎ᠠ᠃ ᠲᠡᠭᠦᠨ ᠤ ᠭᠠᠳᠠᠷ ᠪᠠᠶᠢᠳᠠᠯ ᠨᠢ ᠡᠪᠯᠢᠭ᠂ ᠣᠷᠣᠨ ᠵᠠᠶ ᠶᠢ ᠡᠵᠡᠯᠡᠬᠦ ᠥᠬᠡᠶ᠂ ᠲᠡᠭᠦᠨ ᠤ ᠳᠣᠲᠣᠷ᠎ᠠ ᠳᠤᠯᠠᠭᠠᠨ ᠤ ᠬᠡᠮᠵᠢᠶᠡᠨ ᠤ ᠰᠡᠷᠡᠭᠳᠡᠭᠦᠷ᠂ ᠬᠤᠪᠢᠷᠠᠭᠠᠭᠤᠷ ᠤᠭᠰᠠᠷᠠᠵᠤ᠂ ᠬᠡᠷᠡᠭᠯᠡᠭᠴᠢ ᠶᠢᠨ ᠬᠡᠷ ᠤᠨ ᠳᠤᠯᠠᠭᠠᠨ ᠤ ᠬᠤᠪᠢᠷᠠᠯᠲᠠ ᠶᠢ ᠲᠡᠷᠡ ᠳᠠᠷᠤᠶ ᠳᠤᠨᠢ ᠪᠦᠯᠦᠭᠯᠡᠯ ᠤᠨ ᠣᠶᠤᠨᠴᠢ ᠢᠯᠴᠢ ᠬᠠᠩᠭᠠᠬᠤ ᠲᠠᠪᠴᠠᠩ ᠳᠤ ᠳᠠᠮᠵᠢᠭᠤᠯᠤᠨ ᠭᠦᠷᠭᠡᠵᠦ᠂ ᠪᠢᠳᠡ ᠡᠲᠡᠭᠡᠷ ᠬᠠᠷᠢᠭᠤ ᠳᠠᠮᠵᠢᠭᠤᠯᠤᠭᠰᠠᠨ ᠲᠤᠭ᠎ᠠ ᠪᠠᠷᠢᠮᠲᠠ ᠶᠢ ᠦᠨᠳᠦᠰᠦᠯᠡᠨ ᠴᠠᠭ ᠲᠤᠬᠠᠶ ᠳᠤᠨᠢ ᠬᠡᠷᠡᠭᠯᠡᠭᠴᠢ ᠶᠢᠨ ᠬᠡᠷ ᠤᠨ ᠢᠯᠴᠢ ᠬᠠᠩᠭᠠᠬᠤ ᠳᠤᠯᠠᠭᠠᠨ ᠤ ᠬᠡᠮᠵᠢᠶ᠎ᠡ ᠶᠢ ᠣᠶᠢᠯᠠᠭᠠᠵᠤ᠂ ᠬᠡᠷ ᠤᠨ ᠳᠤᠯᠠᠭᠠᠨ ᠳᠣᠤᠷ᠎ᠠ ᠪᠠᠶᠢᠭ᠎ᠠ ᠬᠡᠷᠡᠭᠯᠡᠭᠴᠢ ᠳᠤ ᠴᠠᠭ ᠲᠤᠬᠠᠶ ᠳᠤᠨᠢ ᠬᠦᠷᠴᠦ ᠦᠢᠯᠡᠴᠢᠯᠡᠭᠡ ᠬᠠᠩᠭᠠᠵᠤ᠂ ᠠᠰᠠᠭᠤᠳᠠᠯ ᠢ ᠰᠢᠢᠳᠪᠦᠷᠢᠯᠡᠵᠦ ᠪᠣᠯᠤᠨ᠎ᠠ︾᠃      ᠶᠦᠨ ᠶᠤᠸᠠᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠶᠢᠨ ᠣᠳᠣᠬᠠᠨ ᠤ ᠤᠭᠰᠠᠷᠠᠬᠤ ᠬᠡᠪᠴᠢᠶ᠎ᠡ ᠨᠢ ᠭᠤᠤᠯᠳᠠᠭᠤ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠡᠮᠦᠨ᠎ᠡ ᠦᠵᠦᠭᠦᠷ᠂ ᠳᠤᠮᠳᠠ ᠦᠵᠦᠭᠦᠷ᠂ ᠲᠡᠭᠦᠰᠭᠡᠯ ᠦᠵᠦᠭᠦᠷ ᠲᠤ ᠣᠷᠣᠰᠢᠵᠤ᠂ ᠰᠠᠭᠤᠭᠠᠯᠢ ᠠᠷᠠᠳ ᠤᠨ ᠲᠣᠭᠤᠷᠢᠭ ᠲᠤ ᠪᠠᠰᠠ ᠳᠣᠤᠷᠠᠳᠤ ᠳᠠᠪᠬᠤᠷᠭ᠎ᠠ᠂ ᠳᠤᠮᠳᠠ ᠳᠠᠪᠬᠤᠷᠭ᠎ᠠ᠂ ᠤᠷᠤᠢ ᠶᠢᠨ ᠳᠠᠪᠬᠤᠷᠭ᠎ᠠ᠂ ᠬᠠᠵᠠᠭᠤ ᠡᠷᠦᠬᠡ ᠶᠢᠨ ᠨᠡᠯᠢᠶᠡᠳ ᠲᠥᠯᠥᠭᠡᠯᠡᠬᠦ ᠴᠢᠨᠠᠷᠲᠠᠶ ᠥᠮᠴᠢᠲᠡᠨ ᠤ ᠭᠡᠷ ᠲᠤ ᠤᠭᠰᠠᠷᠠᠵᠤ ᠪᠠᠶᠢᠨ᠎ᠠ᠃ ᠴᠤᠭᠯᠠᠭᠤᠯᠬᠤ ᠲᠦᠬᠦᠭᠡᠷᠦᠮᠵᠢ ᠪᠦᠷᠢ ᠨᠢᠭᠡ ᠲᠤᠰᠬᠠᠢ ᠬᠤᠶᠠᠷ ᠬᠡᠮᠵᠢᠯᠲᠦ ᠺᠣᠳ᠋ ᠲᠠᠢ᠂ ᠬᠡᠷᠡᠭᠯᠡᠭᠴᠢ ᠶᠢᠨ ᠲᠠᠢ ᠬᠤᠯᠪᠤᠵᠤ᠂ ᠨᠢᠭᠡ ᠲᠦᠬᠦᠭᠡᠷᠦᠮᠵᠢ ᠨᠢᠭᠡ ᠡᠷᠦᠬᠡ ᠨᠢᠭᠡ ᠺᠣᠳ᠋ ᠲᠠᠢ᠃ ᠠᠵᠢᠯ ᠳᠠᠭᠤᠰᠤᠭᠰᠠᠨ ᠤ ᠳᠠᠷᠠᠭ᠎ᠠ᠂ ᠠᠵᠢᠯᠲᠠᠳ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠠᠮᠵᠢᠭᠤᠯᠤᠨ᠂ ᠡᠷᠦᠬᠡ ᠪᠦᠷᠢ ᠶᠢᠨ ᠮᠡᠳᠡᠭᠡ ᠵᠠᠩᠭᠢ ᠶᠢ ᠪᠦᠯᠦᠭᠯᠡᠯ ᠤᠨ ᠤᠶᠤᠨᠲᠤ ᠢᠯᠴᠢ ᠬᠠᠩᠭᠠᠬᠤ ᠰᠢᠰᠲ᠋ᠧᠮ ᠤᠨ ᠠᠷᠤ ᠲᠠᠪᠴᠠᠩ ᠳᠤ ᠳᠠᠮᠵᠢᠭᠤᠯᠵᠤ᠂ ᠺᠣᠮᠫᠠᠨᠢ ᠠᠴᠠ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠶᠢᠨ ᠠᠷᠤ ᠲᠠᠪᠴᠠᠩ ᠳᠤ ᠬᠠᠷᠢᠭᠤ ᠳᠠᠮᠵᠢᠭᠤᠯᠤᠭᠰᠠᠨ ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠨᠢᠭᠡ ᠠᠰᠠᠷ᠂ ᠨᠢᠭᠡ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠴᠠᠭ ᠲᠤᠨᠢ ᠲᠤᠬᠢᠷᠠᠭᠤᠯᠤᠯᠲᠠ ᠬᠢᠬᠦ ᠪᠠᠷ ᠳᠠᠮᠵᠢᠭᠤᠯᠤᠨ ᠢᠯᠴᠢ ᠬᠡᠷᠡᠭᠯᠡᠬᠦ ᠡᠷᠦᠬᠡ ᠶᠢᠨ ᠬᠡᠷ ᠤᠨ ᠳᠤᠯᠠᠭᠠᠨ ᠤ ᠬᠡᠮᠵᠢᠶ᠎ᠡ ᠶᠢ ᠦᠨᠡᠨᠬᠦ ᠪᠠᠲᠤᠯᠠᠨ᠎ᠠ ᠭᠡᠪᠡ᠃      ᠣᠶᠢᠯᠠᠭᠠᠭᠰᠠᠨ ᠢᠶᠠᠷ᠂ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠶᠢ ᠤᠭᠰᠠᠷᠠᠬᠤ ᠪᠣᠯ ᠬᠥᠬᠡᠬᠤᠲᠠ ᠶᠢᠨ ᠬᠤᠲᠠ ᠶᠢᠨ ᠰᠢᠲᠠᠮᠠᠬᠠᠶ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠤᠶᠤᠨᠲᠤ ᠢᠯᠴᠢ ᠬᠠᠩᠭᠠᠬᠤ ᠶᠢ ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠲᠠᠪᠴᠠᠩ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ 2023 ᠣᠨ ᠤ ᠡᠴᠦᠰ ᠪᠣᠯᠲᠠᠯ᠎ᠠ᠂ ᠪᠦᠯᠦᠭᠯᠡᠯ ᠤᠨ ᠢᠯᠴᠢ ᠬᠠᠩᠭᠠᠬᠤ ᠬᠡᠪᠴᠢᠶᠡᠨ ᠳᠤ ᠨᠢᠭᠡᠨᠲᠡ 6000 ᠢᠵᠢ ᠬᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠶᠢ ᠤᠭᠰᠠᠷᠠᠵᠤ᠂ ᠡᠨᠡ ᠵᠢᠯ ᠤᠨ ᠢᠯᠴᠢ ᠬᠠᠩᠭᠠᠬᠤ ᠬᠤᠭᠤᠴᠠᠭ᠎ᠠ ᠠᠴᠠ ᠡᠮᠦᠨ᠎ᠡ᠂ ᠪᠦᠯᠦᠭᠯᠡᠯ ᠤᠨ ᠢᠯᠴᠢ ᠬᠠᠩᠭᠠᠬᠤ ᠬᠡᠪᠴᠢᠶᠡᠨ ᠳᠣᠲᠣᠷ᠎ᠠ ᠤᠭᠰᠠᠷᠠᠭᠰᠠᠨ ᠲᠤᠭ᠎ᠠ ᠬᠡᠮᠵᠢᠶ᠎ᠡ 3.8 ᠲᠦᠮᠡᠨ ᠢᠵᠢ ᠬᠦᠷᠴᠦ᠂ ᠢᠯᠴᠢ ᠬᠠᠩᠭᠠᠬᠤ ᠣᠷᠣᠨ ᠪᠦᠰᠡ ᠳᠤ ᠨᠠᠭᠠᠳᠤ ᠵᠠᠬ᠎ᠠ ᠳᠠᠭᠠᠨ 5% ᠶᠢᠨ ᠢᠯᠴᠢ ᠬᠡᠷᠡᠭᠯᠡᠬᠦ ᠡᠷᠦᠬᠡ ᠶᠢᠨ ᠬᠡᠷ ᠤᠨ ᠳᠤᠯᠠᠭᠠᠨ ᠢ ᠬᠢᠨᠠᠨ ᠬᠡᠮᠵᠢᠬᠦ ᠨᠣᠷᠮ᠎ᠠ ᠳᠤ ᠬᠦᠷᠬᠦ ᠪᠣᠯᠤᠨ᠎ᠠ᠃ ᠣᠳᠣᠬᠠᠨ ᠳᠤ᠂ ᠪᠦᠯᠦᠭᠯᠡᠯ ᠤᠨ ᠬᠢᠨ ᠶᠠᠭ ᠬᠤᠶᠠᠳᠤᠭᠠᠷ ᠪᠦᠯᠦᠭ ᠤᠨ ᠬᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠵᠢᠨ‌‍ᠲ᠋ᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠵᠣᠬᠢᠶᠠᠨ ᠪᠠᠶᠢᠭᠤᠯᠵᠤ᠂ 2024—2025 ᠳᠤᠯᠠᠭᠠᠯᠠᠭ᠎ᠠ ᠶᠢᠨ ᠬᠤᠭᠤᠴᠠᠭᠠᠨ ᠳᠤ᠂ ᠪᠦᠯᠦᠭᠯᠡᠯ ᠤᠨ ᠢᠯᠴᠢ ᠬᠠᠩᠭᠠᠬᠤ ᠣᠷᠣᠨ ᠪᠦᠰᠡ ᠶᠢᠨ 8% ᠢᠯᠴᠢ ᠬᠠᠩᠭᠠᠬᠤ ᠬᠡᠷᠡᠭᠯᠡᠭᠴᠢ ᠶᠢᠨ ᠬᠡᠷ ᠤᠨ ᠳᠤᠯᠠᠭᠠᠨ ᠤ ᠬᠢᠨᠠᠨ ᠬᠡᠮᠵᠢᠯᠲᠡ ᠶᠢᠨ ᠨᠣᠷᠮ᠎ᠠ ᠳᠤ ᠬᠦᠷᠭᠡᠬᠦ ᠪᠠᠷ ᠲᠥᠯᠥᠪᠯᠡᠵᠦ ᠪᠣᠶ᠃       
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ