ᠠᠯᠳᠠᠨ ᠨᠠᠮᠤᠷ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠬᠦᠰᠡᠯ ᠮᠥᠷᠥᠭᠡᠳᠦᠯ ᠪᠢᠯᠬᠠᠭᠤᠯᠤᠨ ᠡᠬᠢᠯᠡᠯ᠎ᠡ᠃ ᠰᠢᠨ᠎ᠡ ᠰᠤᠷᠤᠯᠭ᠎ᠠ ᠶᠢᠨ ᠬᠤᠭᠤᠴᠠᠭ᠎ᠠ | ᠡᠬᠢᠯᠡᠬᠦ ᠪᠠᠷ ᠬᠥᠭᠡᠷᠦᠬᠦᠨ ᠪᠦᠪᠡᠢ ᠴᠡᠴᠡᠷᠯᠢᠭ ᠲᠤ ᠰᠠᠭᠤᠵᠤ᠂ ᠵᠢᠭᠠᠯ ᠪᠠᠭᠠᠴᠤᠳ ᠠᠷᠠᠳ ᠤᠨ ᠰᠤᠷᠭᠠᠭᠤᠯᠢ ᠶᠢᠨ ᠠᠯᠳᠠᠨ ᠪᠣᠱᠤᠭ᠎ᠠ ᠶᠢ ᠠᠯᠬᠤᠵᠤ᠂ ᠠᠩᠬ᠎ᠠ | ᠳᠤᠮᠳᠠᠳᠤ᠂ ᠥᠨᠳᠥᠷ ᠳᠤᠮᠳᠠᠳᠤ᠂ ᠶᠡᠭᠡ ᠳᠡᠭᠡᠳᠦ ᠰᠤᠷᠭᠠᠭᠤᠯᠢ ᠳᠤ ᠲᠠᠪᠰᠢᠨ ᠣᠷᠣᠭᠰᠠᠳ ᠰᠢᠨ᠎ᠡ ᠭᠠᠷᠤᠭ᠎ᠠ ᠪᠠᠨ ᠡᠯᠭᠦᠵᠦ ᠰᠢᠨ᠎ᠡ ᠠᠶᠠᠨ ᠢᠶᠠᠨ ᠡᠬᠢᠯᠡᠭᠦᠯᠦᠯ᠎ᠡ᠃ | | 9 ᠰᠠᠷ᠎ᠠ ᠶᠢᠨ 2 ᠤᠨ ᠡᠳᠦᠷ ᠪᠣᠯ ᠭᠦᠭᠡᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠨᠠᠮᠤᠷ ᠤᠨ ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ | ᠡᠬᠢᠯᠡᠭᠰᠡᠨ ᠠᠩᠬᠠᠨ ᠤ ᠡᠳᠦᠷ᠃ ᠡᠯ᠎ᠡ ᠰᠤᠷᠭᠠᠭᠤᠯᠢ ᠨᠤᠭᠤᠳ ᠰᠦᠷ ᠵᠢᠪᠬᠤᠯᠠᠩᠲᠤ ᠤᠯᠤᠰ ᠤᠨ ᠳᠤᠭ ᠮᠠᠨᠳᠤᠭᠤᠯᠬᠤ ᠶᠣᠰᠣᠯᠠᠯ ᠬᠢᠭᠡᠳ ᠥᠪᠡᠷᠮᠢᠴᠡ | ᠣᠨᠴᠠᠯᠢᠭᠲᠤ ᠰᠤᠷᠭᠠᠭᠤᠯᠢ ᠡᠬᠢᠯᠡᠬᠦ ᠶᠣᠰᠣᠯᠠᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ︽ᠠᠩᠬᠠᠨ ᠤ ᠬᠢᠴᠢᠶᠡᠯ︾ ᠢᠶᠠᠨ ᠤᠳᠬ᠎ᠠ ᠲᠡᠭᠦᠯᠳᠡᠷ | ᠡᠬᠢᠯᠡᠭᠦᠯᠪᠡ᠃ | ᠭᠦᠭᠡᠬᠤᠳᠠ ᠶᠢᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ︽ᠤᠯᠤᠰ ᠤᠨ ᠳᠤᠭ ᠢᠶᠠᠨ ᠬᠠᠮᠲᠤ ᠪᠠᠷ ᠮᠠᠨᠳᠤᠭᠤᠯᠵᠤ᠂ ᠡᠬᠡ ᠤᠯᠤᠰ ᠢᠶᠠᠨ | ᠬᠠᠮᠲᠤ ᠪᠠᠷ ᠬᠠᠶᠢᠷᠠᠯᠠᠨ᠎ᠠ︾ ᠭᠡᠬᠦ ᠭᠤᠣᠯ ᠰᠡᠳᠦᠪᠲᠦ ᠤᠯᠤᠰ ᠤᠨ ᠳᠤᠭ ᠮᠠᠨᠳᠤᠭᠤᠯᠬᠤ ᠶᠣᠰᠣᠯᠠᠯ ᠪᠠ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠶᠣᠰᠣᠯᠠᠯ | ᠶᠠᠪᠤᠭᠤᠯᠪᠠ᠃ ᠶᠣᠰᠣᠯᠠᠯ ᠨᠢ ᠰᠤᠷᠭᠠᠭᠤᠯᠢ ᠶᠢᠨ ᠵᠠᠬᠢᠷᠤᠯ ᠠᠴᠠ ᠪᠦᠭᠦ ᠪᠠᠭᠰᠢ ᠰᠤᠷᠤᠬᠴᠢᠳ ᠲᠠᠭᠠᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠢᠨ᠎ᠡ | ᠬᠦᠰᠡᠯ ᠱᠠᠭᠠᠷᠳᠠᠯᠭ᠎ᠠ ᠳᠠᠯᠪᠢᠬᠤ᠂ ᠪᠦᠭᠦ ᠪᠠᠭᠰᠢ ᠰᠤᠷᠤᠬᠴᠢᠳ ᠦᠨᠳᠦᠰᠦᠨ ᠬᠠᠤᠯᠢ ᠳᠤ ᠲᠠᠩᠭᠠᠷᠢᠭᠯᠠᠬᠤ᠂ ᠪᠠᠭᠰᠢ ᠶᠢᠨ ᠮᠣᠷᠠᠯ ᠰᠤᠷᠲᠠᠯ ᠳᠤ ᠲᠠᠩᠭᠠᠷᠢᠭᠯᠠᠬᠤ᠂ | ᠪᠠᠭᠰᠢ ᠰᠤᠷᠤᠬᠴᠢ ᠶᠢᠨ ᠲᠥᠯᠥᠭᠡᠯᠡᠭᠴᠢ ᠰᠢᠨ᠎ᠡ ᠰᠤᠷᠤᠯᠭ᠎ᠠ ᠶᠢᠨ ᠬᠤᠭᠤᠴᠠᠭ᠎ᠠ ᠳᠤ ᠰᠢᠨ᠎ᠡ ᠬᠦᠰᠡᠯ ᠮᠥᠷᠥᠭᠡᠳᠦᠯ ᠢᠶᠠᠨ ᠬᠤᠪᠢᠶᠠᠯᠴᠠᠬᠤ ᠵᠡᠷᠭᠡ ᠠᠭᠤᠯᠭ᠎ᠠ | ᠪᠠᠷ ᠶᠠᠪᠤᠭᠳᠠᠵᠠᠢ᠃ | ᠰᠠᠯᠤᠭᠠᠳ ᠤᠳᠠᠭᠰᠠᠨ ᠪᠠᠭᠰᠢ ᠨᠠᠷ ᠨᠠᠶᠢᠵᠠ ᠨᠥᠬᠦᠳ ᠲᠠᠢ ᠪᠠᠨ ᠠᠭᠤᠯᠵᠠᠭᠰᠠᠨ ᠵᠢᠭᠠᠯ ᠪᠠᠭᠠᠴᠤᠳ ᠪᠠᠶᠠᠷ ᠪᠠᠭ᠋ᠠᠳᠤᠯ ᠢᠶᠠᠷ ᠪᠢᠯᠬᠠᠨ᠎ᠠ᠃ ︽ᠰᠢᠨ᠎ᠡ | ᠰᠤᠷᠤᠯᠭ᠎ᠠ ᠶᠢᠨ ᠬᠤᠭᠤᠴᠠᠭ᠎ᠠ ᠬᠢᠴᠢᠶᠡᠯ ᠰᠤᠷᠤᠯᠭ᠎ᠠ ᠳᠠᠭᠠᠨ ᠤᠯᠠᠮ ᠰᠢᠮᠳᠠᠵᠤ᠂ ᠪᠡᠶ᠎ᠡ ᠮᠠᠬᠠᠪᠤᠳ ᠢᠶᠠᠨ ᠢᠯᠡᠭᠦᠬᠡᠨ ᠪᠤᠯᠪᠠᠰᠤᠷᠠᠭᠤᠯᠵᠤ᠂ ᠭᠦᠳᠡᠯᠮᠦᠷᠢ ᠳᠤ | ᠢᠳᠡᠪᠬᠢᠲᠡᠢ ᠣᠷᠣᠯᠴᠠᠨ᠎ᠠ︾ ᠭᠡᠵᠦ ᠭᠦᠭᠡᠬᠤᠳᠠ ᠶᠢᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ᠶᠢᠨ ᠲᠠᠪᠤ ᠶᠢᠨ ᠨᠢᠭᠡ ᠶᠢᠨ ᠰᠤᠷᠤᠬᠴᠢ ᠪᠤᠶᠠᠨ᠋ᠥ᠌ᠯᠵᠡᠢ | ᠰᠢᠨ᠎ᠡ ᠬᠠᠷᠠᠯᠲᠠ ᠲᠥᠯᠥᠪᠯᠡᠭᠡ ᠪᠠᠨ ᠬᠤᠪᠢᠶᠠᠯᠴᠠᠯ᠎ᠠ᠃ | 8 ᠰᠠᠷ᠎ᠠ ᠶᠢᠨ 30 ᠤ ᠡᠳᠦᠷ᠂ ᠭᠦᠭᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠬᠢᠨ ᠰᠢᠨ᠎ᠡ ᠣᠶᠤᠲᠠᠳ ᠢᠶᠠᠨ ᠤᠭᠲᠤᠬᠤ ᠶᠣᠰᠣᠯᠠᠯ | ᠶᠠᠪᠤᠭᠤᠯᠪᠠ᠃ ᠠᠭᠤᠵᠢᠮ ᠰᠠᠷᠠᠭᠤᠯ ᠰᠤᠷᠭᠠᠭᠤᠯᠢ ᠶᠢᠨ ᠬᠦᠷᠢᠶ᠎ᠡ 2000 ᠭᠠᠷᠤᠢ ᠰᠢᠨ᠎ᠡ ᠣᠶᠤᠲᠠᠳ ᠢᠶᠠᠨ ᠬᠠᠯᠠᠭᠤᠨ ᠡᠯᠢᠭᠡᠨ ᠳᠡᠭᠡᠨ ᠤᠭᠲᠤᠵᠤ᠂ ᠪᠦᠭᠦ | ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠣᠶᠤᠲᠠᠳ ᠵᠠᠯᠠᠭᠤ ᠨᠠᠰᠤᠨ ᠤ ᠰᠢᠨ᠎ᠡ ᠠᠶᠠᠨ ᠢᠶᠠᠨ ᠠᠳᠡ ᠠᠴᠠ ᠡᠯᠭᠦᠯ᠎ᠡ᠃ ᠰᠢᠨ᠎ᠡ ᠣᠶᠤᠲᠠᠳ ᠢ | ᠤᠭᠲᠤᠬᠤ ᠲᠤᠬᠠᠢ ᠶᠢᠨ ᠲᠠᠯᠠᠪᠠᠢ ᠳᠤ᠂ ᠢᠷᠠᠭᠤ ᠰᠠᠶᠢᠬᠠᠨ ᠮᠣᠷᠢᠨ ᠬᠤᠭᠤᠷ ᠤᠨ ᠡᠭᠡᠰᠢᠭ ᠬᠠᠩᠭᠢᠨᠠᠵᠤ᠂ ᠪᠠᠶᠠᠷ ᠪᠠᠶᠠᠰᠬᠤᠯᠠᠩᠲᠤ ᠳᠠᠭᠤᠤ ᠪᠥᠵᠢᠭ ᠤᠨ | ᠳᠤᠬᠯᠠᠯᠳᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ᠂ ᠪᠢᠯᠠᠭᠤ ᠰᠢᠳᠡᠬᠦ᠂ ᠨᠤᠮᠤ ᠰᠤᠮᠤ ᠬᠠᠷᠪᠤᠬᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠬᠥᠳᠡᠯᠭᠡᠭᠡᠨ ᠨᠢ ᠰᠤᠷᠤᠬᠴᠢ ᠪᠠ ᠭᠡᠷ ᠤᠨ ᠠᠬᠠᠮᠠᠳ ᠤᠨ ᠪᠠᠭ᠋ᠠᠷᠠᠯ ᠢ ᠲᠠᠲᠠᠵᠤ᠂ ᠥᠳᠬᠡᠨ ᠵᠤᠵᠠᠭᠠᠨ ᠰᠤᠷᠭᠠᠭᠤᠯᠢ ᠶᠢᠨ ᠬᠦᠷᠢᠶᠡᠨ ᠤ ᠰᠣᠶᠣᠯ ᠢ ᠡᠷᠬᠡ ᠦᠭᠡᠢ | ᠮᠡᠳᠡᠷᠡᠭᠦᠯᠦᠨ᠎ᠡ᠃ ︽ᠠᠩᠬ᠎ᠠ ᠤᠳᠠᠭ᠎ᠠ ᠪᠢᠯᠠᠭᠤ ᠰᠢᠳᠡᠭᠡᠳ ᠬᠠᠷᠠᠯᠲᠠ ᠪᠠᠨ ᠣᠨᠣᠭᠠᠴᠢᠬᠠᠯᠠ᠃ ᠦᠨᠡᠬᠡᠷ ᠰᠠᠶᠢᠬᠠᠨ︕︾ ᠭᠡᠵᠦ ᠲᠦᠩᠯᠢᠶᠣᠣ ᠨᠤᠲᠤᠭᠲᠠᠢ ᠰᠢᠨ᠎ᠡ | ᠣᠶᠤᠲᠠᠨ ᠦᠢᠯᠡᠰ ᠪᠠᠶᠠᠷᠲᠠᠶᠢᠬᠠᠨ ᠶᠠᠷᠢᠨ᠎ᠠ᠃ ᠰᠤᠷᠭᠠᠭᠤᠯᠢ ᠳᠤ ᠣᠷᠣᠬᠤ ᠭᠠᠷᠳᠠᠮ ᠢᠶᠠᠨ ᠭᠦᠢᠴᠡᠳᠬᠡᠬᠦ᠂ ᠳᠤᠷᠠᠰᠤᠮᠵᠢ ᠳᠦᠭᠦᠷᠡᠩ ᠳᠤᠷᠠᠰᠬᠠᠯ ᠤᠨ ᠰᠡᠭᠦᠳᠡᠷ | ᠲᠠᠲᠠᠭᠤᠯᠬᠤ᠂ ᠦᠭᠡ ᠦᠯᠡᠳᠡᠭᠡᠬᠦ ᠰᠠᠮᠪᠠᠷ᠎ᠠ ᠳᠤ ︽ᠠᠩᠬᠠᠨ ᠤ ᠰᠠᠭᠤᠭᠳᠠᠯ︾ ᠢᠶᠠᠨ ᠪᠢᠴᠢᠬᠦ ᠁ ᠨᠣᠮ ᠤᠨ ᠠᠬ᠎ᠠ ᠡᠭᠡᠴᠢ ᠨᠠᠷ ᠤᠨ ᠢᠶᠠᠨ ᠳᠠᠭᠠᠭᠤᠯᠭ᠎ᠠ ᠪᠠᠷ | ᠰᠢᠨ᠎ᠡ ᠣᠶᠤᠲᠠᠳ ᠤᠨ ᠨᠡᠷ᠎ᠡ ᠮᠡᠳᠡᠭᠦᠯᠬᠦ ᠠᠵᠢᠯ ᠲᠤᠩ ᠤᠷᠤᠭᠰᠢᠲᠠᠢ ᠶᠠᠪᠤᠭᠳᠠᠨ᠎ᠠ ᠁ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠣᠷᠳᠣᠨ ᠳᠤ ᠰᠢᠨ᠎ᠡ ᠣᠶᠤᠲᠠᠨ ᠪᠠ ᠭᠡᠷ ᠤᠨ ᠠᠬᠠᠮᠠᠳ ᠲᠠᠶᠢᠯᠪᠤᠷᠢᠯᠠᠭᠴᠢ ᠶᠢᠨ ᠠᠯᠬᠤᠭ᠎ᠠ ᠶᠢ ᠳᠠᠭᠠᠵᠤ᠂ | ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠣᠨᠣᠰᠴᠤ᠂ ᠰᠤᠷᠭᠠᠭᠤᠯᠢ ᠶᠢᠨ ᠲᠡᠦᠬᠡ ᠶᠢᠨ ᠣᠷᠳᠣᠨ ᠳᠤ ᠰᠤᠷᠭᠠᠭᠤᠯᠢ ᠶᠢᠨ 70 ᠵᠢᠯ ᠤᠨ ᠬᠥᠭᠵᠢᠯᠲᠡ | ᠬᠤᠪᠢᠷᠠᠯᠲᠠ ᠶᠢ ᠰᠣᠨᠢᠷᠬᠠᠨ᠂ ᠣᠶᠤᠲᠠᠨ ᠠᠮᠢᠳᠤᠷᠠᠯ ᠤᠨ ᠠᠩᠬᠠᠨ ᠤ ᠬᠥᠮᠦᠵᠢᠯ ᠭᠦᠷᠳᠡᠯ᠎ᠡ᠃ |