ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ ᠪᠣᠯᠣᠭᠰᠠᠨ ᠢ ᠵᠠᠷᠯᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/9/6
ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄      ᠡᠳᠦᠭᠡ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ ᠪᠣᠯᠣᠭᠰᠠᠨ ᠢ ᠵᠠᠷᠯᠠᠬᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠭᠠᠷᠴᠠᠭ ᠲᠤ ᠣᠷᠣᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠬᠦ ᠶᠢ ᠵᠣᠭᠰᠣᠭᠠᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠨᠡᠶᠢᠲᠡᠯᠡᠭᠰᠡᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠨ ᠴᠠᠭ ᠲᠤᠬᠠᠶ ᠳᠤ ᠨᠢ ᠴᠡᠪᠡᠷᠯᠡᠵᠦ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃              ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ              2024 ᠣᠨ ᠤ 8 ᠳ᠋ᠤᠭᠠᠷ ᠰᠠᠷ᠎ᠠ ᠶᠢᠨ 21 ᠤ ᠡᠳᠦᠷ
2024第3-4期正文_p0001.jpg
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ