ᠪᠦᠬᠦ ᠬᠤᠲᠠ ᠶᠢᠨ ᠠᠷᠠᠳ ᠤᠨ ᠶᠠᠪᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/10
ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ       ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 9 ᠤ ᠡᠳᠦᠷ᠂ ᠪᠦᠬᠦ ᠬᠤᠳᠠ ᠶᠢᠨ ᠠᠷᠠᠳ ᠤᠨ ᠶᠠᠪᠤᠳᠠᠯ ᠤᠨ ᠬᠤᠷᠠᠯ ᠬᠤᠷᠠᠯᠳᠤᠭᠤᠯᠵᠤ᠂ ᠪᠦᠬᠦ ᠤᠯᠤᠰ᠂ ᠪᠦᠬᠦ ᠤᠷᠤᠨ ᠤ ᠠᠷᠠᠳ ᠤᠨ ᠶᠠᠪᠤᠳᠠᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ ᠬᠤᠷᠠᠯ ᠡᠷᠭᠢᠯᠡᠭᠰᠡᠨ ᠪᠥᠭᠡᠳ 2025 ᠣᠨ ᠤ ᠪᠥᠬᠦ ᠬᠤᠲᠠ ᠶᠢᠨ ᠠᠷᠠᠳ ᠤᠨ ᠶᠠᠪᠤᠳᠠᠯ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ᠂ ᠦᠴᠤᠸᠠᠨ ᠰᠢᠶᠠᠨ᠂ ᠬᠤᠷᠢᠨᠭᠡᠷ ᠰᠢᠶᠠᠨ᠂ ᠢᠦᠶ ᠴᠢᠤᠸᠠᠨ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠾᠧ ᠬᠠᠢ ᠳ᠋ᠦᠩ ᠶᠠᠷᠢᠶᠠᠨ ᠳᠠᠭᠠᠨ᠂ ᠠᠷᠠᠳ ᠤᠨ ᠶᠠᠪᠤᠳᠠᠯ ᠪᠣᠯ ᠤᠯᠤᠰ ᠢ ᠵᠠᠰᠠᠵᠤ ᠲᠦᠷᠦ ᠶᠢ ᠲᠦᠪᠰᠢᠳᠬᠡᠬᠦ ᠴᠢᠬᠤᠯᠠ ᠠᠵᠢᠯ ᠮᠥᠨ᠂ ᠪᠠᠰᠠ ᠴᠤ ᠠᠷᠠᠳ ᠤᠯᠠᠨ ᠢ ᠵᠣᠯ ᠵᠢᠷᠭᠠᠯ ᠲᠠᠢ ᠠᠮᠢᠳᠤᠷᠠᠭᠤᠯᠬᠤ ᠰᠠᠶᠢᠨ ᠰᠠᠶᠢᠬᠠᠨ ᠦᠢᠯᠡᠰ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠬᠡᠦᠬᠡᠳ ᠤᠨ ᠡᠷᠬᠡ ᠠᠰᠢᠭ ᠢ ᠪᠠᠲᠤᠯᠠᠬᠤ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠠᠷᠠᠳ ᠤᠨ ᠶᠠᠪᠤᠳᠠᠯ ᠤᠨ ᠠᠵᠢᠯ ᠢ ᠤᠨᠤᠴᠢᠲᠠᠢ ᠬᠢᠬᠦ ᠬᠡᠷᠡᠭᠲᠡᠢ᠃ ᠬᠡᠯᠡᠭᠰᠡᠨ ᠢᠶᠠᠨ ᠵᠠᠪᠠᠯ ᠪᠡᠶᠡᠯᠡᠭᠦᠯᠵᠦ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠤᠬᠳᠠᠬᠰᠠᠨ ᠠᠰᠠᠭᠤᠳᠠᠯ ᠢ ᠡᠷᠬᠡᠪᠰᠢ ᠣᠨᠣᠪᠴᠢᠲᠠᠢ ᠡᠵᠡᠮᠰᠢᠵᠦ᠂ ᠲᠦᠷᠦ ᠶᠢᠨ ᠪᠤᠳᠤᠯᠭ᠎ᠠ ᠶᠢ ᠲᠣᠳᠣᠷᠬᠠᠢ ᠶᠠᠷᠢᠵᠤ᠂ ᠰᠠᠶᠢᠲᠤᠷ ᠪᠡᠶᠡᠯᠡᠭᠦᠯᠵᠦ᠂ ᠠᠷᠠᠳ ᠤᠨ ᠶᠠᠪᠤᠳᠠᠯ ᠤᠨ ᠠᠵᠢᠯ ᠢ ᠨᠠᠷᠢᠨ ᠨᠢᠮᠪᠠᠢ ᠬᠢᠵᠦ᠂ ᠡᠯ᠎ᠡ ᠵᠦᠢᠯ ᠤᠨ ᠠᠷᠠᠳ ᠤᠨ ᠶᠠᠪᠤᠳᠠᠯ ᠤᠨ ᠠᠵᠢᠯ ᠢ ᠠᠷᠠᠳ ᠤᠨ ᠰᠠᠨᠠᠭᠠᠨ ᠳᠤ ᠨᠡᠩ ᠢᠯᠡᠭᠦᠬᠡᠨ ᠨᠡᠶᠢᠴᠡᠭᠦᠯᠵᠦ᠂ ᠠᠷᠠᠳ ᠤᠨ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠡᠢ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠴᠢᠷᠮᠠᠶᠢᠬᠤ ᠮᠥᠷᠲᠡᠭᠡᠨ ᠪᠠᠰᠠ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠶᠠᠪᠤᠳᠠᠯ ᠤᠨ ᠪᠠᠷᠢᠮᠵᠢᠶ᠎ᠠ ᠶᠢ ᠦᠨᠡᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠠᠮᠤᠭ ᠤᠨ ᠶᠡᠭᠡ ᠪᠠᠷ ᠪᠠᠭᠤᠷᠠᠶᠢᠴᠤᠤᠯ᠂ ᠬᠦᠴᠢᠷᠳᠡᠯᠲᠡᠢ ᠤᠯᠠᠨ ᠲᠦᠮᠡᠨ ᠲᠡᠰᠢ ᠬᠡᠯᠪᠡᠶᠢᠵᠦ᠂ ᠠᠷᠠᠳ ᠤᠨ ᠶᠠᠪᠤᠳᠠᠯ ᠤᠨ ᠦᠢᠯᠡᠴᠢᠯᠡᠭᠡ ᠶᠢ ᠣᠷᠣᠯᠭ᠎ᠠ ᠳᠣᠣᠷ᠎ᠠ᠂ ᠬᠠᠮᠤᠭ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠨᠠᠭᠠᠭᠤᠷ ᠴᠠᠭᠠᠭᠤᠷ ᠪᠠᠶᠢᠭ᠎ᠠ᠂ ᠵᠠᠶᠢᠯᠠᠰᠢ ᠦᠭᠡᠢ ᠵᠠᠷᠤᠯᠭ᠎ᠠ ᠳᠤ ᠬᠦᠴᠢᠷᠳᠡᠯ ᠲᠠᠢ᠂ ᠲᠣᠭᠲᠠᠮᠠᠯ ᠣᠷᠣᠨ ᠪᠠᠶᠢᠷᠢ ᠦᠭᠡᠢ ᠬᠡᠦᠬᠡᠳ ᠵᠡᠷᠭᠡ ᠨᠡᠩ ᠤᠯᠠᠨ ᠬᠠᠪᠰᠤᠷᠤᠨ ᠲᠡᠳᠬᠦᠬᠦ ᠴᠢᠬᠤᠯᠠᠲᠠᠢ ᠪᠦᠯᠦᠭ ᠴᠣᠭᠴᠠ ᠲᠡᠶᠢᠰᠢ ᠦᠷᠭᠡᠳᠬᠡᠵᠦ᠂ ᠠᠷᠠᠳ ᠤᠨ ᠶᠠᠪᠤᠳᠠᠯ ᠤᠨ ᠠᠵᠢᠯ ᠢ ᠯᠠᠪᠳᠠᠭᠤᠨ ᠪᠠᠲᠤᠲᠠᠢ ᠬᠢᠬᠦ ᠬᠡᠷᠡᠭᠲᠡᠢ᠃ ᠣᠳᠣᠬᠠᠨ ᠤ ᠪᠠᠶᠢᠳᠠᠯ ᠳᠤ ᠰᠠᠭᠤᠷᠢᠯᠠᠬᠤ ᠮᠥᠷᠲᠡᠭᠡᠨ ᠪᠠᠰᠠ ᠠᠯᠤᠰ ᠬᠡᠲᠦ ᠶᠢ ᠪᠣᠳᠣᠯᠬᠢᠯᠠᠨ᠂ ᠳᠤᠲᠠᠭᠤᠳᠠᠯ ᠢᠶᠠᠨ ᠠᠯᠢ ᠲᠦᠷᠭᠡᠨ ᠢᠶᠠᠷ ᠨᠥᠬᠦᠪᠥᠷᠢᠯᠡᠵᠦ᠂ ᠢᠯᠠᠩᠭᠤᠶ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠪᠠ ᠨᠢᠭᠦᠯᠡᠰᠦᠩᠭᠦᠶ ᠶᠢᠨ ᠦᠢᠯᠡᠰ ᠢ ᠵᠣᠯᠭᠠᠭᠤᠯᠬᠤ ᠵᠡᠷᠭᠡ ᠬᠦᠷᠢᠶ᠎ᠡ ᠴᠠᠷᠠᠭᠠᠨ ᠳᠤ᠂ ᠲᠣᠭᠲᠠᠴᠠ ᠶᠢ ᠪᠦᠷᠢᠨᠰᠢᠬᠦᠯᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠨᠠᠩ ᠰᠠᠶᠢᠲᠤᠷ ᠦᠢᠯᠡᠴᠢᠯᠡᠵᠦ᠂ ᠠᠷᠠᠳ ᠤᠨ ᠶᠠᠪᠤᠳᠠᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠤᠯᠪᠣᠭᠳᠠᠯ ᠪᠦᠬᠦᠢ ᠬᠤᠳᠠ ᠶᠢᠨ ᠤᠳᠤᠷᠢᠳᠤᠯᠭ᠎ᠠ᠂ ᠪᠦᠬᠦ ᠬᠤᠳᠠ ᠶᠢᠨ ᠠᠷᠠᠳ ᠤᠨ ᠶᠠᠪᠤᠳᠠᠯ ᠤᠨ ᠰᠢᠰᠲ᠋ᠧᠮ᠂ ᠥᠷᠭᠡᠨ ᠤᠯᠠᠨ ᠠᠷᠠᠳ ᠤᠨ ᠶᠠᠪᠤᠳᠠᠯ ᠤᠨ ᠺᠠᠳ᠋ᠷᠴᠤᠳ ᠠᠷᠠᠳ ᠤᠨ ᠶᠠᠪᠤᠳᠠᠯ ᠤᠨ ᠠᠵᠢᠯ ᠢ ᠵᠦᠢᠯ ᠵᠤᠷᠪᠤᠰ ᠳᠠᠷᠠᠭᠠᠯᠠᠨ ᠨᠠᠷᠢᠯᠢᠭ ᠪᠣᠳᠠᠲᠠᠢ ᠠᠩᠬᠠᠷᠴᠤ᠂ ᠬᠠᠷᠢᠭᠤᠴᠠᠯᠭ᠎ᠠ ᠪᠠᠨ ᠡᠭᠦᠷᠭᠡᠯᠡᠵᠦ᠂ ᠡᠭᠦᠷᠭᠡ ᠪᠠᠨ ᠭᠦᠢᠴᠡᠳᠬᠡᠵᠦ᠂ ᠦᠨᠳᠦᠰᠦᠨ ᠱᠠᠲᠤᠨ ᠤ ᠪᠣᠳᠠᠲᠠᠢ ᠪᠠᠶᠢᠳᠠᠯ ᠢ ᠴᠠᠭ ᠲᠤᠬᠠᠢ ᠳᠤᠨᠢ ᠤᠢᠢᠯᠠᠭᠠᠨ ᠡᠵᠡᠮᠰᠢᠵᠦ᠂ ᠠᠷᠠᠳ ᠤᠨ ᠶᠠᠪᠤᠳᠠᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠠᠷᠠᠳ ᠤᠨ ᠶᠠᠪᠤᠳᠠᠯ ᠤᠨ ᠠᠵᠢᠯ ᠤᠨ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠣᠷᠣᠨ ᠤ ᠲᠥᠪ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠤᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ