2024 ᠣᠨ ᠤ ᠡᠴᠦᠰ ᠪᠤᠯᠲᠠᠯ᠎ᠠ  ᠬᠥᠬᠡᠬᠤᠲᠠ ᠶᠢᠨ ᠡᠵᠡᠩᠨᠡᠯᠲᠡ ᠶᠢᠨ ᠭᠤᠣᠯ ᠴᠣᠭᠴᠠ 426993 ᠡᠷᠦᠬᠡ ᠳᠤ ᠬᠥᠷᠪᠡ
ᠨᠡᠶᠢᠲᠡᠯᠡᠭᠰᠡᠨ ᠴᠠᠭ᠄
2025/1/10
      ︵ᠰᠤᠷᠪᠤᠯᠵᠢᠯᠠᠭᠴᠢ ᠴᠢ ᠰᠢᠶᠣᠣ ᠶᠠᠨ︶  2024 ᠣᠨ ᠠᠴᠠ ᠨᠠᠭᠠᠰᠢ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠪᠦᠷᠢᠳᠬᠡᠨ ᠳᠠᠩᠰᠠᠯᠠᠬᠤ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠪᠠᠷ ᠭᠤᠣᠯ ᠰᠢᠵᠢᠮ ᠪᠣᠯᠭᠠᠵᠤ᠂ ᠪᠦᠷᠢᠳᠬᠡᠨ ᠳᠠᠩᠰᠠᠯᠠᠬᠤ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡ ᠶᠢ ᠶᠡᠬᠡᠪᠡᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠣᠷᠴᠢᠨ ᠨᠥᠬᠦᠴᠡᠯ ᠢ ᠨᠠᠩ ᠠᠭᠤᠵᠢᠮ ᠪᠥᠭᠡᠳ ᠳᠥᠭᠦᠮ ᠳᠥᠲᠡ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ 2024 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ ᠡᠵᠡᠩᠨᠡᠯᠲᠡ ᠶᠢᠨ ᠭᠤᠤᠯ ᠴᠣᠭᠴᠠ ︵ᠬᠤᠪᠢᠶᠠᠷᠢ ᠪᠠᠶᠢᠭᠤᠯᠤᠮᠵᠢ ᠶᠢ ᠪᠠᠭᠲᠠᠭᠠᠨ᠎ᠠ︶ 426993 ᠡᠷᠦᠬᠡ ᠳᠤ ᠬᠦᠷᠴᠦ᠂ ᠪᠣᠳᠠᠲᠠᠶ ᠬᠡᠮᠵᠢᠶ᠎ᠡ ᠨᠢ ᠪᠥᠬᠦ ᠣᠷᠣᠨ ᠳᠤ ᠬᠤᠶᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 8.64% ᠪᠠᠷ ᠨᠡᠮᠡᠭᠳᠡᠪᠡ᠃ ᠡᠭᠦᠨ ᠳᠤ᠂ ᠠᠵᠤ ᠠᠬᠤᠶᠢᠯᠠᠯ 152227᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 270511᠂ ᠲᠠᠷᠢᠶᠠᠴᠢᠨ ᠤ ᠲᠤᠰᠬᠠᠶ ᠬᠤᠷᠰᠢᠶ᠎ᠠ 4255 ᠪᠣᠶ᠃      ᠰᠢᠨ᠎ᠡ ᠪᠠᠷ ᠪᠠᠶᠢᠭᠤᠯᠤᠭᠰᠠᠨ ᠡᠵᠡᠩᠨᠡᠯᠲᠡ ᠶᠢᠨ ᠭᠤᠤᠯ ᠴᠣᠭᠴᠠ ᠠᠴᠠ ᠦᠵᠡᠪᠡᠯ᠂ 2024 ᠣᠨ ᠳᠤ ᠪᠥᠬᠦ ᠬᠤᠲᠠ ᠳᠤ 79669 ᠡᠵᠡᠩᠨᠡᠯᠲᠡ ᠶᠢᠨ ᠭᠤᠤᠯ ᠴᠣᠭᠴᠠ ᠶᠢ ᠰᠢᠨ᠎ᠡ ᠪᠠᠷ ᠪᠠᠶᠢᠭᠤᠯᠵᠤ᠂ ᠡᠭᠦᠨ ᠳᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ 2.58 ᠲᠦᠮᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 5.38 ᠲᠦᠮᠡ᠂ ᠲᠠᠷᠢᠶᠠᠴᠢᠨ ᠤ ᠲᠤᠰᠬᠠᠶ ᠬᠤᠷᠰᠢᠶ᠎ᠠ 76 ᠪᠣᠶ᠃ 2024 ᠣᠨ ᠳᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠳᠠᠩᠰᠠᠯᠠᠯ ᠤᠨ ᠦᠨᠡᠮᠯᠡᠯ ᠢ 6563 ᠬᠤᠪᠢ ᠭᠦᠢᠴᠡᠳᠬᠡᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠠᠵᠢᠯᠯᠠᠭᠴᠢ ᠶᠢᠨ ᠬᠢᠷᠢ ᠬᠡᠮ ᠢ 10034 ᠬᠤᠪᠢ ᠮᠠᠭᠠᠳᠯᠠᠨ ᠲᠣᠭᠲᠠᠭᠠᠪᠠ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2024 ᠣᠨ ᠤ 8 ᠳ᠋ᠤᠭᠠᠷ ᠰᠠᠷ᠎ᠠ ᠳᠤ᠂ ᠬᠥᠬᠡᠬᠤᠲᠠ ᠪᠥᠬᠦ ᠣᠷᠣᠨ ᠤ ᠬᠡᠪᠴᠢᠶᠡᠨ ᠳᠤ              ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ︿ᠨᠢᠭᠡ ᠠᠵᠢᠯ ᠲᠥᠷᠥᠯ ᠨᠢᠭᠡ ᠳᠡᠪᠲᠡᠷ﹀ ᠲᠤ ᠮᠡᠳᠡᠭᠳᠡᠬᠦ ᠲᠦᠷᠢᠮ ᠢ ᠬᠡᠷᠡᠭᠵᠢᠭᠦᠯᠬᠦ ᠲᠥᠰᠦᠯ︾ ᠢ ᠤᠷᠢᠳᠠᠪᠠᠷ ᠨᠡᠶᠢᠲᠡᠯᠡᠵᠦ᠂ ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠳᠦᠷᠢᠮ ᠳᠤ ᠨᠡᠶᠢᠴᠡᠭᠰᠡᠨ ᠡᠵᠡᠩᠨᠡᠯᠲᠡ ᠶᠢᠨ ᠵᠢᠭᠠᠯᠲᠠ           ︵ᠨᠢᠭᠡᠳᠦᠭᠡᠷ ᠬᠡᠪᠯᠡᠯ︶ ︾ ᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠡᠩᠰᠡᠯᠡᠨ ᠲᠡᠮᠳᠡᠭᠯᠡᠬᠦ᠂ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠢᠲᠡᠭᠡᠮᠵᠢ᠂ ᠵᠠᠷ ᠮᠡᠳᠡᠭᠡ᠂ ᠦᠨ᠎ᠡ ᠬᠠᠩᠰᠢ᠂ ᠡᠮ ᠤᠨ ᠵᠦᠢᠯ᠂ ᠵᠠᠰᠠᠯ ᠴᠢᠮᠡᠭᠯᠡᠯ ᠤᠨ ᠡᠳ᠋᠂ ᠡᠮᠴᠢᠯᠡᠭᠡᠨ ᠤ ᠪᠠᠭᠠᠵᠢ ᠬᠡᠷᠡᠭᠰᠡᠯ᠂ ᠰᠦᠯᠵᠢᠶᠡᠨ ᠤ ᠠᠷᠠᠯᠵᠢᠶ᠎ᠠ᠂ ᠦᠢᠯᠡᠳᠬᠦᠨ ᠤ ᠶᠠᠰᠤ ᠴᠢᠨᠠᠷ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠬᠡᠮᠵᠢᠯᠲᠡ ᠭᠡᠷᠡᠴᠢᠯᠡᠯ᠂ ᠢᠳᠡᠭᠡᠨ ᠤ ᠦᠢᠯᠡᠳᠪᠦᠷᠢᠯᠡᠯ᠂ ᠢᠳᠡᠭᠡᠨ ᠤ ᠡᠵᠡᠩᠨᠡᠯᠲᠡ᠂ ᠢᠳᠡᠭᠡᠨ ᠤᠮᠳᠠᠭᠠᠨ ᠤ  ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ 17 ᠶᠡᠭᠡ ᠲᠥᠷᠥᠯ ᠤᠨ ᠨᠡᠶᠢᠲᠡ 100 ᠵᠦᠢᠯᠡᠰ ᠢ ᠬᠠᠮᠤᠷᠴᠤ᠂ ᠠᠵᠤ ᠠᠬᠤᠶᠢᠯᠠᠯ ᠢ ᠬᠠᠪᠰᠤᠷᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠲᠦᠭᠰᠢᠭᠦᠷᠢ ᠴᠡᠭ ᠢ ᠤᠷᠢᠳᠴᠢᠯᠠᠨ ᠣᠨᠣᠪᠴᠢᠲᠠᠶ  ᠣᠯᠵᠤ᠂ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ᠂ ᠬᠠᠤᠯᠢ ᠶᠣᠰᠣᠭᠠᠷ ᠡᠵᠡᠩᠨᠡᠬᠦ ᠶᠢ ᠬᠥᠲᠥᠯᠦᠨ ᠵᠢᠯᠣᠭᠤᠳᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ