ᠬᠥᠬᠡᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠶᠢ ᠬᠦᠷᠲᠡᠪᠡ
ᠨᠡᠶᠢᠲᠡᠯᠡᠭᠰᠡᠨ ᠴᠠᠭ᠄
2025/1/13
      ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ︽ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021— 2035 ᠣᠨ︶︾ ᠵᠡᠷᠭᠡ 9 ᠬᠤᠰᠢᠭᠤ ᠰᠢᠶᠠᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠶᠢ ᠬᠦᠷᠲᠡᠵᠡᠢ᠃      ᠡᠯ᠎ᠡ ᠬᠤᠰᠢᠭᠤ ᠰᠢᠶᠠᠨ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠠᠯ᠎ᠠ ᠪᠠᠷ᠂ ᠴᠣᠬᠤᠯᠠᠪᠤᠷᠢᠯᠠᠭᠰᠠᠨ ᠨᠢ᠂ ᠰᠢᠨ᠎ᠡ ᠬᠤᠲᠠ ᠲᠣᠭᠤᠷᠢᠭ ᠢ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠬᠤᠰᠢᠭᠤᠴᠢ ᠲᠣᠭᠤᠷᠢᠭ ᠪᠣᠯᠭᠠᠨ ᠪᠠᠶᠢᠭᠤᠯᠵᠤ᠂ ᠬᠤᠲᠣᠩ ᠠᠷᠠᠳ ᠤᠨ ᠲᠣᠭᠤᠷᠢᠭ ᠢ ᠣᠷᠣᠨ ᠤ ᠲᠥᠪ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠵᠢᠴᠢ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠦᠭᠵᠢᠯᠲᠡ ᠶᠢᠨ ᠲᠤᠭᠤᠷᠢᠭ ᠪᠣᠯᠭᠠᠨ ᠪᠠᠶᠢᠭᠤᠯᠵᠤ᠂ ᠢᠦᠢ ᠴᠢᠤᠸᠠᠨ ᠲᠤᠭᠤᠷᠢᠭ ᠢ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠢᠴᠢ ᠬᠤᠲᠠ ᠬᠥᠳᠡᠭᠡ ᠶᠢ ᠨᠢᠭᠡᠳᠦᠯᠲᠡᠶ ᠲᠦᠯᠦᠪᠵᠢᠭᠦᠯᠦᠨ ᠬᠥᠭᠵᠢᠭᠦᠯᠬᠦ ᠤᠷᠢᠳ ᠢᠶᠠᠷ ᠬᠡᠷᠡᠭᠵᠢᠭᠦᠯᠵᠦ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠠᠶᠢᠭᠤᠯᠵᠤ᠂ ᠰᠠᠶᠢᠬᠠᠨ ᠲᠣᠭᠤᠷᠢᠭ ᠢ ᠣᠷᠣᠨ ᠤ ᠲᠥᠪ ᠬᠤᠲᠠ ᠶᠢᠨ ᠮᠥᠩᠭᠦᠨ ᠭᠦᠢᠯᠭᠡᠭᠡᠨ ᠤ ᠵᠠᠰᠠᠭ ᠵᠠᠬᠢᠷᠭᠠᠨ ᠤ ᠬᠤᠳᠠᠯᠳᠤᠭᠠᠨ ᠤ ᠶᠠᠪᠤᠳᠠᠯ ᠤᠨ ᠲᠣᠭᠤᠷᠢᠭ᠂ ᠴᠡᠷᠢᠭ ᠠᠷᠠᠳ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠲᠦᠮᠡᠳ ᠵᠡᠭᠦᠨ ᠬᠤᠰᠢᠭᠤ ᠶᠢ ᠬᠥᠬᠡᠬᠤᠲᠠ ᠶᠢᠨ ᠡᠨᠧᠷᠭᠢ ᠬᠢᠮᠢ ᠶᠢᠨ ᠠᠵᠤ ᠦᠢᠯᠡᠳᠪᠦᠷᠢ ᠵᠢᠴᠢ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠬᠤᠷᠢᠨᠭᠡᠷ ᠰᠢᠶᠠᠨ ᠢ ᠬᠥᠬᠡᠬᠤᠲᠠ ᠶᠢᠨ ᠳᠡᠳ᠋ ᠲᠥᠪ ᠪᠠ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠴᠢᠩ ᠱᠦᠢ ᠾᠧ ᠰᠢᠶᠠᠨ ᠢ ᠬᠥᠬᠡᠬᠤᠲᠠ ᠶᠢᠨ ᠠᠮᠢ ᠠᠬᠤᠢ ᠶᠢᠨ ᠵᠢᠭᠤᠯᠴᠢᠯᠠᠯ᠂ ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠡᠨᠧᠷᠭᠢ ᠵᠢᠴᠢ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠦᠴᠤᠸᠠᠨ ᠰᠢᠶᠠᠨ ᠢ ᠬᠥᠬᠡᠬᠤᠲᠠ ᠶᠢᠨ ᠰᠣᠶᠣᠯ ᠵᠢᠭᠤᠯᠴᠢᠯᠠᠯ᠂ ᠴᠡᠪᠡᠷ ᠡᠨᠧᠷᠭᠢ ᠵᠢᠴᠢ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ 9 ᠬᠤᠰᠢᠭᠤ ᠰᠢᠶᠠᠨ ᠲᠣᠭᠤᠷᠢᠭ ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠭᠤᠷᠪᠠᠨ ᠱᠠᠲᠤ ᠭᠤᠷᠪᠠᠨ ᠲᠥᠷᠥᠯ ᠤᠨ ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ︽ᠨᠢᠭᠡ ᠵᠢᠷᠤᠭ︾ ᠤᠨ ᠰᠢᠰᠲ᠋ᠧᠮ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢ ᠦᠨᠳᠦᠰᠦᠯᠡᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠠᠵᠢᠯ ᠢ ᠦᠷᠨᠢᠭᠦᠯᠦᠨ᠎ᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ