ᠪᠣᠣ ᠭᠠᠩ ᠬᠤᠷᠠᠯ ᠢ ᠡᠷᠬᠢᠯᠡᠵᠡᠢ | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠳᠥᠷᠪᠡᠳᠦᠭᠡᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ | ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ | ᠭᠦᠨᠵᠡᠭᠡᠢ ᠠᠬᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ | ᠰᠠᠨᠠᠭ᠎ᠠ ᠲᠠᠢ ᠤᠶᠠᠯᠳᠤᠭᠤᠯᠤᠨ ᠰᠤᠷᠤᠯᠴᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠪᠠ ᠴᠢᠩᠭ᠎ᠠ ᠳᠠᠷᠤᠮᠲᠠᠲᠤ ᠪᠠᠶᠢᠳᠠᠯ ᠢᠶᠠᠨ ᠪᠠᠷᠢᠮᠲᠠᠯᠠᠵᠤ᠂ ᠵᠤᠭᠰᠤᠩᠭᠤᠶᠢᠷᠠᠬᠤ ᠦᠭᠡᠢ᠂ ᠨᠠᠶᠢᠷ ᠬᠠᠶᠠᠬᠤ ᠦᠭᠡᠢ ᠪᠠᠶᠢᠵᠤ᠂ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠢᠯᠵᠠᠷᠠᠯ ᠢ ᠡᠰᠡᠷᠭᠦᠴᠡᠬᠦ | ᠲᠡᠮᠡᠴᠡᠯ ᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠳᠤᠮᠳᠠ ᠵᠡᠷᠭᠡ ᠶᠢᠨ ᠠᠷᠠᠳ ᠤᠨ | ᠰᠢᠭᠦᠬᠦ ᠬᠤᠷᠢᠶ᠎ᠠ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ | ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠰᠢᠷᠭᠠᠭᠤ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠵᠢᠴᠢ ᠬᠤᠳᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠲᠠ ᠶᠢᠨ ᠳᠢᠩᠷᠢ ᠰᠢᠶᠠᠨ ᠤ 6.8 ᠲᠠᠰ ᠤᠨ ᠭᠠᠵᠠᠷ | ᠬᠥᠳᠡᠯᠦᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠨ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ᠂ ᠪᠡᠯᠡᠳᠬᠡᠯ ᠲᠥᠰᠦᠯ ᠢ ᠲᠡᠭᠦᠯᠳᠡᠷᠵᠢᠭᠦᠯᠬᠦ᠂ ᠡᠳ᠋ ᠪᠣᠳᠠᠰ ᠨᠥᠭᠡᠴᠡᠯᠡᠬᠦ᠂ ᠵᠢᠵᠢᠭᠦᠷᠯᠡᠨ ᠰᠠᠬᠢᠬᠤ ᠵᠡᠷᠭᠡ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠢᠯᠠᠩᠭᠤᠶ᠎ᠠ ᠵᠢᠯ ᠤᠨ ᠡᠴᠦᠰ ᠤᠨ ᠤ ᠡᠬᠢᠨ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ | ᠦᠭᠡᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠭᠤᠷᠬᠠᠢ᠂ ᠵᠠᠮ ᠬᠠᠷᠢᠯᠴᠠᠭ᠎ᠠ ᠲᠡᠭᠡᠭᠡᠪᠦᠷᠢ᠂ ᠭᠠᠯ ᠢ | ᠰᠡᠷᠭᠡᠶᠢᠯᠡᠬᠦ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠬᠦᠷᠢᠶ᠎ᠡ ᠵᠢᠴᠢ ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ᠂ | ᠵᠣᠴᠢᠳ ᠤᠨ ᠪᠠᠭᠤᠳᠠᠯ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ᠬᠠᠨᠳᠤᠰᠢ ᠶᠢᠨ ᠵᠦᠭᠯᠡᠭᠦᠷ ᠮᠥᠨ᠂ ᠠᠵᠤ ᠠᠬᠤᠢ ᠶᠢᠨ ᠠᠵᠢᠯ ᠢ ᠰᠠᠶᠢᠲᠤᠷ ᠠᠳᠬᠤᠵᠤ | ᠪᠣᠳᠠᠲᠠᠢ ᠠᠳᠬᠤᠬᠤ ᠨᠢ ᠲᠦᠢᠯ ᠤᠨ ᠴᠢᠬᠤᠯᠠ ᠶᠤᠮ᠂ ᠠᠵᠤ ᠦᠢᠯᠡᠰ ᠤᠨ ᠲᠡᠰ ᠳᠡᠪᠰᠢᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠭᠠᠳᠠᠭᠠᠳᠤ ᠨᠡᠭᠡᠭᠡᠯᠲᠡ ᠬᠢᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠵᠤ᠂ ︽ᠰᠠᠶᠢᠨ ᠡᠬᠢᠯᠡᠯᠲᠡ︾ ᠶᠢ ᠴᠢᠷᠮᠠᠶᠢᠨ ᠪᠡᠶᠡᠯᠡᠭᠦᠯᠵᠦ᠂ ᠪᠦᠬᠦ ᠵᠢᠯ ᠤᠨ ᠰᠠᠶᠢᠨ ᠡᠬᠢᠯᠡᠯᠲᠡ ᠲᠠᠢ ᠪᠣᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠪᠦᠬᠦ ᠣᠷᠣᠨ ᠤ | ᠠᠵᠤ ᠠᠬᠤᠢ ᠶᠢᠨ ᠬᠥᠭᠵᠢᠯᠲᠡ ᠳᠤ ᠤᠷᠤᠨ ᠤ ᠲᠥᠪ ᠬᠤᠲᠠ ᠶᠢᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠢᠨᠠᠨ ᠵᠥᠪᠯᠡᠪᠡ ᠃ ᠬᠤᠲᠠ ᠶᠢᠨ ᠵᠠᠰᠠᠭ ᠤᠨ | ᠣᠷᠳᠣᠨ ᠤ 2024 ᠣᠨ ᠤ ᠲᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ | 2025 ᠣᠨ ᠤ ᠲᠦᠷᠢᠮ ᠲᠣᠭᠲᠠᠭᠠᠯ ᠬᠠᠤᠯᠢ ᠲᠣᠭᠲᠠᠭᠠᠬᠤ ᠲᠥᠯᠥᠪᠯᠡᠭᠡ ᠶᠢ ᠬᠢᠨᠠᠨ ᠵᠥᠪᠯᠡᠪᠡ᠃ ᠮᠠᠨ ᠤ ᠬᠤᠲᠠ ᠶᠢᠨ 2024 ᠣᠨ ᠤ ᠤᠯᠤᠰ ᠲᠥᠷᠥ ᠶᠢᠨ ᠵᠥᠪᠯᠡᠯᠭᠡᠨ ᠤ | ᠵᠥᠪᠯᠡᠯᠭᠡ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠢ ᠵᠥᠪᠯᠡᠬᠦ ᠪᠠᠶᠢᠴᠠᠭᠠᠨ ᠰᠤᠳᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠰᠠᠶᠢᠲᠤᠷ | ᠬᠢᠬᠦ ᠲᠤᠬᠠᠶ ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |