ᠮᠠᠨ ᠤ ᠣᠷᠣᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠮᠠᠨ ᠤ ᠣᠷᠣᠨ ᠳᠤ ᠰᠠᠭᠤᠭ᠎ᠠ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭᠠᠨ ᠤ ᠴᠡᠷᠢᠭ ᠠᠩᠭᠢ ᠶᠢᠨ ᠲᠥᠯᠥᠭᠡᠯᠡᠭᠴᠢ ᠬᠥᠬᠡᠬᠤᠲᠠ ᠳᠤ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/1/13
ᠵᠠᠩ ᠱᠣᠣ ᠴᠦᠨ ᠾᠧ ᠬᠠᠢ ᠳ᠋ᠦᠩ ᠣᠷᠣᠯᠴᠠᠪᠠ       ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 12 ᠤᠨ ᠡᠳᠦᠷ᠂ ᠮᠠᠨ ᠤ ᠣᠷᠣᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠮᠠᠨ ᠤ ᠣᠷᠣᠨ ᠳᠤ ᠰᠠᠭᠤᠭ᠎ᠠ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢ ᠬᠥᠬᠡᠬᠤᠲᠠ ᠳᠤ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠵᠠᠩ ᠱᠣᠤ ᠴᠦᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢ ᠪᠠᠷ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃      ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠲᠥᠯᠥᠭᠡᠯᠡᠭᠴᠢᠳ ᠤᠷᠢᠳ ᠬᠤᠵᠢᠳ ᠬᠥᠬᠡᠬᠤᠲᠠ ᠶᠢᠨ ᠳ᠋ᠠ ᠲᠠᠩ ᠬᠤᠯᠠ ᠳᠠᠮᠵᠢᠭᠤᠯᠬᠤ ᠢᠯᠴᠢ ᠬᠠᠩᠭᠠᠬᠤ ᠵᠢᠴᠢ ᠣᠶᠤᠨᠴᠢ ᠢᠯᠴᠢ ᠬᠠᠩᠭᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ᠂ ᠬᠥᠬᠡᠬᠤᠲᠠ ᠶᠢᠨ ᠱᠧᠩ ᠯᠧ ᠤᠯᠠᠨ ᠤᠯᠤᠰ ᠤᠨ ᠨᠢᠰᠬᠡᠯ ᠤᠨ ᠪᠠᠭᠤᠳᠠᠯ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠤᠳᠠ ᠶᠢᠨ ᠶᠡᠭᠡ ᠲᠠᠷᠢᠬᠢ ᠵᠢᠴᠢ ᠲᠣᠭᠠᠴᠢᠯᠠᠭᠰᠠᠨ ᠳᠡᠯᠭᠡᠨ ᠦᠵᠡᠭᠦᠯᠬᠦ ᠲᠥᠪ᠂ ᠬᠤᠷᠢᠨᠭᠡᠷ ᠰᠢᠨ᠎ᠡ ᠲᠣᠭᠤᠷᠢᠭ ᠤᠨ ᠤᠯᠠᠨ ᠡᠭᠦᠯᠡᠨ ᠪᠤᠳᠤᠯᠳᠠ ᠶᠢᠨ ᠬᠦᠴᠦᠨ ᠤ ᠡᠬᠢ ᠪᠠᠶᠠᠯᠢᠭ ᠢ ᠬᠢᠨᠠᠨ ᠬᠡᠮᠵᠢᠬᠦ ᠪᠠ ᠲᠤᠬᠢᠷᠠᠭᠤᠯᠬᠤ ᠲᠠᠪᠴᠠᠩ᠂ ᠥᠪᠥᠷ ᠮᠣᠩᠭᠤᠯ ᠤᠨ ᠲᠤᠭ᠎ᠠ ᠪᠠᠷᠢᠮᠲᠠ ᠶᠢᠨ ᠠᠷᠠᠯᠵᠢᠶᠠᠨ ᠤ ᠲᠥᠪ᠂ ᠺᠧ ᠲᠦᠸᠧ ᠠᠮᠢᠳᠤ ᠪᠣᠳᠠᠰ ᠤᠨ ᠪᠢᠴᠢᠯ ᠠᠮᠢ ᠠᠬᠤᠢ ᠶᠢᠨ ᠨᠠᠶᠢᠷᠠᠯᠲᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠦᠷᠦᠯ ᠵᠦᠢᠯ᠂ ᠬᠥᠬᠡᠬᠤᠲᠠ ᠶᠢᠨ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠰᠢᠨ᠎ᠡ ᠤᠰᠤᠨ ᠤ ᠰᠤᠷᠪᠤᠯᠵᠢ ᠶᠢ ᠰᠣᠯᠢᠬᠤ ᠢᠨᠵᠧᠨᠧᠷᠢᠩ᠂ ︽  ᠭᠤᠤᠯᠲᠤ ᠪᠤᠷᠤ ᠶᠢ ᠦᠨᠳᠦᠰᠦᠯᠡᠭᠦᠯᠬᠦ︾ ᠤᠶᠤᠲᠠᠳ ᠤᠨ ᠦᠢᠯᠡᠰ ᠪᠤᠰᠬᠠᠵᠤ ᠠᠵᠢᠯ ᠣᠯᠭᠤᠬᠤ ᠵᠢᠱᠢᠶ᠎ᠡ ᠦᠵᠡᠭᠦᠯᠬᠦ ᠰᠠᠭᠤᠷᠢᠨ ᠳᠤ ᠬᠦᠷᠴᠦ᠂ ᠬᠥᠬᠡᠬᠤᠲᠠ ᠶᠢᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠥᠭᠵᠢᠯᠲᠡ ᠶᠢ ᠲᠤᠰᠠᠯᠠᠬᠤ ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠪᠠᠷ ᠣᠯᠤᠭᠰᠠᠨ ᠪᠣᠳᠠᠲᠠᠢ ᠠᠬᠢᠴᠠ ᠶᠢ ᠨᠠᠷᠢᠨ ᠣᠶᠢᠯᠠᠭᠠᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠳᠠᠪᠰᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ ᠪᠡᠶᠡᠴᠢᠯᠠᠨ ᠣᠶᠢᠯᠠᠭᠠᠪᠠ᠃      ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠪᠠᠷ ᠳᠡᠮᠵᠢᠨ᠂ ᠬᠥᠬᠡᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠴᠢᠮᠲᠡᠢ ᠬᠠᠨᠳᠤᠰᠢ ᠶᠢ ᠤᠶᠢᠯᠠᠭᠠᠭᠰᠠᠨ ᠪᠠᠶᠢᠨ᠎ᠠ᠃ ᠵᠠᠯᠭᠠᠭᠠᠳ᠂ ᠲᠥᠯᠥᠭᠡᠯᠡᠭᠴᠢᠳ ᠡᠨᠡ ᠤᠳᠠᠭ᠎ᠠ ᠶᠢᠨ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭ᠎ᠠ ᠶᠢᠨ ᠪᠦᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠥᠪ ᠴᠢᠭᠯᠡᠯ ᠢ ᠪᠠᠷᠢᠮᠲᠠᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠢᠨᠠᠨ ᠵᠥᠪᠯᠡᠯᠭᠡ ᠪᠠ  ᠰᠠᠨᠠᠭᠤᠯᠭ᠎ᠠ ᠳᠤᠷᠠᠳᠬᠤ ᠪᠡᠯᠡᠳᠬᠡᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠪᠦᠬᠦ ᠣᠷᠣᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠥᠯᠥᠭᠡᠯᠡᠭᠴᠢᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ