ᠣᠶᠢᠷ᠎ᠠ ᠳᠤ ᠬᠤᠷᠠᠯᠳᠤᠭᠰᠠᠨ ᠭᠦᠭᠡᠬᠤᠲᠠ ᠶᠢᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠠᠩᠬᠠᠳᠤᠭᠠᠷ ᠬᠤᠭᠤᠴᠠᠭᠠᠨ ᠤ | ᠬᠡᠷᠡᠭ ᠡᠷᠭᠢᠯᠡᠭᠴᠢᠳ ᠤᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠠᠴᠠ ᠣᠶᠢᠯᠠᠭᠠᠭᠰᠠᠨ ᠢᠶᠠᠷ᠂ ᠭᠦᠭᠡᠬᠤᠲᠠ ᠶᠢᠨ ᠵᠡᠮᠳᠡᠭᠴᠦᠳ ᠤᠨ | ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠨᠢ 2024 ᠣᠨ ᠤ 1 ᠰᠠᠷ᠎ᠠ ᠶᠢᠨ 29 ᠤ ᠡᠳᠦᠷ ᠪᠠᠶᠢᠭᠤᠯᠤᠭᠳᠠᠭᠰᠠᠨ ᠠᠴᠠ ᠨᠠᠭᠠᠰᠢ ᠨᠡᠶᠢᠲᠡ | 2488.25 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠴᠤᠭᠯᠠᠭᠤᠯᠵᠤ᠂ ᠬᠤᠰᠢᠭᠤ ᠰᠢᠶᠠᠨ ᠲᠣᠭᠤᠷᠢᠭ ᠲᠤ ᠨᠡᠶᠢᠲᠡ 1459.13 ᠲᠦᠮᠡᠨ | ᠲᠥᠭᠦᠷᠢᠭ ᠤᠨ ᠦᠷᠳᠡᠭ ᠪᠦᠬᠦᠢ ᠡᠳ᠋ ᠪᠣᠳᠠᠰ ᠬᠠᠨᠳᠢᠪᠯᠡᠵᠤ᠂ ᠬᠠᠨᠳᠢᠪᠯᠡᠭ᠌ᠰᠠᠨ ᠡᠳ᠋ ᠪᠣᠳᠠᠰ ᠨᠢ ᠰᠣᠨᠣᠷ ᠲᠤᠳᠤᠤᠡᠬᠠᠭᠤᠷ᠂ ᠬᠦᠷᠳᠦᠲᠦ ᠰᠠᠨᠳᠠᠯᠢ᠂ ᠴᠠᠭᠢᠯᠭᠠᠨ | ᠳᠤᠯᠠᠭᠠᠯᠠᠮᠵᠢ᠂ ᠲᠤᠲᠤᠷᠭ᠎ᠠ ᠭᠤᠯᠢᠷ ᠲᠣᠰᠣ ᠵᠡᠷᠭᠡ ᠶᠢ ᠬᠠᠮᠤᠷᠴᠤ᠂ 19600 ᠵᠡᠮᠳᠡᠭᠴᠦᠳ ᠲᠤ ᠠᠰᠢᠭ ᠬᠦᠷᠲᠡᠭᠡᠪᠡ᠃ | ᠳᠠᠷᠠᠭᠠᠴᠢ ᠪᠠᠷ᠂ ᠳᠤᠰ ᠰᠠᠭᠤᠷᠢ ᠮᠥᠩᠭᠦᠨ ᠤ ᠨᠡᠶᠢᠭᠡᠮᠯᠢᠭ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂︽ᠨᠠᠮ ᠤᠨ | ᠪᠠᠶᠢᠭᠤᠯᠤᠯᠲᠠ ᠪᠠᠷ ᠵᠢᠯᠣᠭᠤᠳᠤᠮᠵᠢ ᠪᠤᠯᠭᠠᠵᠤ ᠵᠡᠮᠳᠡᠭᠴᠦᠳ ᠢ ᠲᠤᠰᠠᠯᠠᠬᠤ︾ᠭᠤᠣᠯ ᠰᠡᠳᠦᠪ ᠢ ᠴᠢᠷᠮᠠᠶᠢᠨ ᠦᠢᠯᠡᠳᠦᠯᠭᠡᠵᠢᠭᠦᠯᠵᠦ᠂ ᠵᠡᠮᠳᠡᠭᠴᠦᠳ ᠲᠤ ᠪᠣᠳᠠᠲᠤ | ᠶᠠᠪᠤᠳᠠᠯ ᠬᠢᠵᠦ ᠬᠦᠴᠢᠷ ᠶᠠᠪᠤᠳᠠᠯ ᠢ ᠨᠢ ᠰᠢᠢᠳᠪᠦᠷᠢᠯᠡᠵᠦ ᠦᠭᠭᠦᠨ᠎ᠡ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠪᠡᠷᠬᠡ ᠶᠢ ᠰᠥᠷᠦᠨ | ᠤᠷᠤᠭᠰᠢᠯᠠᠵᠤ᠂ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠵᠣᠷᠢᠯᠲᠠ ᠶᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ | ᠬᠦᠴᠦᠯᠡᠨ ᠲᠠᠶᠢᠯᠪᠤᠷᠢᠯᠠᠵᠤ᠂ ᠰᠠᠭᠤᠷᠢ ᠮᠥᠩᠭᠦᠨ ᠤ ᠨᠡᠶᠢᠭᠡᠮᠯᠢᠭ ᠤᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠨᠢᠭᠦᠯᠡᠰᠦᠩᠭᠦᠢ ᠲᠦᠷᠦᠯ ᠲᠡᠮᠳᠡᠭ ᠤᠨ | ᠲᠦᠷᠦᠯ ᠵᠦᠢᠯ ᠢ ᠴᠣᠬᠴᠠᠯᠠᠨ᠎ᠠ᠃ ᠠᠷᠠᠳ ᠤᠨ ᠠᠮᠢᠳᠤᠷᠠᠯ ᠲᠠᠢ ᠰᠡᠳᠬᠢᠯ ᠢᠶᠠᠨ ᠬᠤᠯᠪᠣᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ | ᠪᠣᠳᠠᠲᠠᠢ ᠠᠳᠬᠤᠨ ᠨᠠᠷᠢᠯᠢᠭ ᠠᠳᠬᠤᠬᠤ ᠶᠢᠨ ᠬᠠᠮᠲᠤ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠵᠡᠮᠳᠡᠭᠴᠦᠳ ᠢ ᠪᠣᠯᠭᠤᠭᠠᠨ ᠲᠣᠬᠤᠨᠢᠭᠤᠯᠬᠤ | ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠬᠦ ᠪᠣᠯᠣᠨ᠎ᠠ᠃ | | | |