ᠬᠠᠷ᠎ᠠ ᠤᠰᠤ ᠶᠢᠨ ᠭᠤᠷᠪᠠᠳᠤᠭᠠᠷ ᠬᠤᠭᠤᠴᠠᠭᠠᠨ ᠤ ᠡᠪᠦᠯ ᠤᠨ ᠵᠢᠭᠠᠰᠤ ᠠᠩᠨᠠᠬᠤ ᠨᠠᠶᠢᠷ ᠵᠢᠴᠢ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠤᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/1/13
     
01130201.jpg
       1 ᠳ᠋ᠦ᠋ᠭᠡᠷ ᠰᠠᠷ᠎ᠠ ᠶᠢᠨ 10 ᠤ ᠡᠳᠤᠷ᠂ ︽ᠠᠶᠠᠯᠭᠤᠲᠤ ᠵᠢᠭᠤᠯᠴᠢᠯᠠᠯ ᠦᠪᠦᠷ ᠮᠤᠩᠭᠤᠯ · ᠬᠠᠷ᠎ᠠ ᠤᠰᠤ ᠶᠢᠨ ᠪᠤᠯᠵᠤᠭ᠎ᠠ︾ ᠭᠤᠷᠪᠠᠳᠤᠭᠠᠷ ᠬᠤᠭᠤᠴᠠᠭᠠᠨ ᠤ ᠡᠪᠦᠯ ᠤᠨ ᠵᠢᠭᠠᠰᠤ ᠠᠩᠨᠠᠬᠤ ᠨᠠᠶᠢᠷ ᠵᠢᠴᠢ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠤᠨ ᠰᠢᠷᠢᠰ ᠠᠵᠢᠯᠯᠠᠭ᠎ᠠ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠡᠬᠢᠯᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠤᠨ ᠰᠢᠷᠢᠰ ᠠᠵᠢᠯᠯᠠᠭ᠎ᠠ 2 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ ᠦᠷᠭᠦᠯᠵᠢᠯᠡᠬᠦ ᠪᠣᠯᠤᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠲᠤᠭᠯᠠᠯᠲᠠ ᠶᠢᠨ ᠲᠤᠭᠤᠷᠢᠭ᠂ ᠡᠪᠦᠯ ᠤᠨ ᠵᠢᠭᠠᠰᠤ ᠠᠩᠨᠠᠬᠤ ᠲᠤᠭᠤᠷᠢᠭ᠂ ᠡᠪᠦᠯ ᠤᠨ ᠵᠢᠭᠠᠰᠤ ᠭᠥᠬᠢᠳᠡᠬᠦ ᠲᠤᠭᠤᠷᠢᠭ ᠵᠡᠷᠭᠡ 7 ᠠᠵᠢᠯᠯᠠᠭᠠᠨ ᠤ ᠲᠤᠭᠤᠷᠢᠭ ᠲᠤᠬᠢᠷᠠᠭᠤᠯᠵᠤ᠂ ᠮᠦᠰᠦᠨ ᠳᠤ ᠵᠢᠭᠠᠰᠤ ᠠᠩᠨᠠᠬᠤ᠂ ᠮᠥᠰᠥ ᠴᠠᠰᠤᠨ ᠤ ᠨᠠᠶᠢᠷ᠂ ᠬᠠᠯᠠᠭᠤᠨ ᠷᠠᠰᠢᠶᠠᠨ ᠤ ᠪᠡᠶ᠎ᠡ ᠰᠤᠪᠢᠯᠠᠯᠲᠠ᠂ ᠵᠠᠩ ᠦᠢᠯᠡ ᠶᠢᠨ ᠠᠮᠲᠠᠲᠤ ᠢᠳᠡᠭᠡᠨ᠂ ᠰᠣᠶᠣᠯ ᠤᠨ ᠵᠢᠭᠤᠯᠴᠢᠯᠠᠯ ᠵᠡᠷᠭᠡ 6 ᠵᠦᠢᠯ ᠤᠨ ᠭᠤᠤᠯᠳᠠᠯᠭ᠎ᠠ ᠲᠠᠢ ᠠᠵᠢᠯᠯᠠᠭ᠎ᠠ ᠶᠢ ᠬᠠᠮᠤᠷᠴᠠᠶ᠃      ᠰᠤᠷᠪᠤᠯᠵᠢᠯᠠᠭᠴᠢ ᠸᠠᠩ ᠯᠦ  ᠳᠠᠳᠤᠯᠭ᠎ᠠ ᠶᠢᠨ ᠰᠤᠷᠪᠤᠯᠵᠢᠯᠠᠭᠴᠢ ᠵᠠᠩ ᠢ ᠲᠤᠤ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ