2025 ᠣᠨ ᠤ ᠠᠩᠬᠠᠳᠤᠭᠠᠷ ᠬᠤᠭᠤᠴᠠᠭᠠᠨ ᠤ ᠰᠢᠨ᠎ᠡ ᠶᠢᠨ ᠪᠠᠷᠠᠭᠠᠨ ᠤ ᠨᠠᠶᠢᠷ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2025/1/14
      ︵ᠰᠤᠷᠪᠤᠯᠵᠢᠯᠠᠭᠴᠢ ᠠᠨ ᠨᠠ︶ 1 ᠳ᠋ᠦ᠋ᠭᠡᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠲᠢᠶᠠᠨ ᠵᠢᠶᠤᠤ ᠠᠭᠠᠷ ᠠᠶᠠᠯᠠᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠡᠷᠭᠢᠯᠡᠭᠰᠡᠨ 2025 ᠣᠨ ᠤ ᠠᠩᠬᠠᠳᠤᠭᠠᠷ ᠬᠤᠭᠤᠴᠠᠭᠠᠨ ᠤ ᠰᠢᠨ᠎ᠡ ᠶᠢᠨ ᠪᠠᠷᠠᠭᠠᠨ ᠤ ᠨᠠᠶᠢᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠦᠷᠢᠶᠡᠨ ᠳᠤ ᠶᠠᠪᠤᠭᠳᠠᠪᠠ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠰᠢᠨ᠎ᠡ ᠶᠢᠨ ᠪᠠᠷᠠᠭᠠᠨ ᠤ ᠪᠠᠶᠠᠷ ᠨᠢ ᠬᠤᠲᠠ ᠶᠢᠨ ᠠᠷᠠᠳ ᠲᠤ ᠰᠢᠯᠢ ᠶᠢᠨ ᠭᠤᠤᠯ ᠤᠨ ᠬᠤᠨᠢᠨ ᠮᠢᠬ᠎ᠠ᠂ ᠬᠤᠷᠴᠢᠨ ᠦᠬᠡᠷ ᠤᠨ ᠮᠢᠬ᠎ᠠ᠂ ᠬᠢᠩᠭᠠᠨ ᠠᠶᠢᠮᠠᠭ ᠤᠨ ᠲᠤᠲᠤᠷᠭ᠎ᠠ᠂ ᠤᠯᠠᠭᠠᠨᠬᠠᠳᠠ ᠶᠢᠨ ᠨᠠᠷᠢᠮᠤ ᠵᠡᠷᠭᠡ ᠡᠯ᠎ᠡ ᠠᠶᠢᠮᠠᠭ ᠬᠤᠲᠠ ᠶᠢᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠵᠢᠴᠢ ᠬᠤᠨᠢᠨ ᠮᠢᠬᠠᠨ ᠱᠣᠣᠮᠠᠢ᠂ ᠡᠯ᠎ᠡ ᠲᠥᠷᠥᠯ ᠤᠨ ᠴᠠᠭᠠᠨ ᠢᠳᠡᠭᠡ ᠂ ᠰᠤᠯᠠ ᠢᠳᠡᠭᠡᠨ ᠠᠮᠲᠠᠲᠠᠨ ᠢ ᠪᠡᠯᠡᠳᠬᠡᠪᠡ᠃ ᠲᠤᠬᠠᠢ ᠶᠢᠨ ᠲᠠᠯᠠᠪᠠᠢ ᠳᠤ ᠪᠠᠰᠠ ᠠᠷᠠᠳ ᠤᠨ ᠵᠠᠩ ᠦᠢᠯᠡ ᠶᠢᠨ ᠲᠣᠭᠯᠠᠯᠲᠠ ᠵᠡᠷᠭᠡ ᠬᠠᠷᠢᠯᠴᠠᠨ ᠬᠥᠳᠡᠯᠦᠯᠴᠡᠬᠦ ᠭᠤᠭᠴᠤᠭ᠎ᠠ ᠶᠢ ᠲᠤᠬᠢᠷᠠᠭᠤᠯᠵᠠᠢ᠃ ︽ᠠᠵᠤ ᠠᠬᠤᠶᠢᠯᠠᠯ ᠢ ᠬᠠᠪᠰᠤᠷᠤᠨ ᠠᠷᠠᠳ ᠲᠤ ᠠᠰᠢᠭ ᠬᠦᠷᠲᠡᠭᠡᠬᠦ︾ ᠭᠤᠤᠯ ᠰᠡᠳᠦᠪᠲᠦ ᠱᠠᠩᠨᠠᠯ ᠰᠤᠭᠤᠯᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠳᠤ᠂ ᠡᠳᠦᠷ ᠪᠦᠷᠢ 8800 ᠲᠥᠭᠦᠷᠢᠭ ᠤᠨ ᠥᠷᠲᠡᠭ ᠪᠥᠬᠦᠶ ᠪᠡᠯᠡᠭ ᠲᠠᠷᠬᠠᠭᠠᠪᠠ᠃ ᠬᠡᠷᠡᠭᠯᠡᠭᠴᠢᠳ ᠪᠠᠰᠠ ᠰᠦᠢᠳᠬᠡᠯ ᠦᠭᠡᠢ ᠪᠠᠷ ᠨᠢᠰᠭᠡᠯ ᠵᠢᠯᠤᠭᠤᠳᠬᠤ ᠬᠠᠷᠠᠭᠠᠯᠵᠠᠯᠲᠤ ᠲᠡᠮᠳᠡᠭᠲᠦ᠂ ᠰᠦᠢᠳᠬᠡᠯ ᠦᠭᠡᠢ ᠨᠢᠰᠬᠡᠯ ᠤᠨ ᠪᠢᠯᠧᠲ ᠵᠡᠷᠭᠡ ᠬᠦᠨᠳᠦ ᠪᠡᠯᠡᠭ ᠰᠤᠭᠤᠯᠤᠨ ᠣᠯᠬᠤ ᠪᠣᠯᠣᠮᠵᠢ ᠲᠠᠢ ᠪᠠᠶᠢᠳᠠᠭ᠃ ᠡᠭᠦᠨ ᠤ ᠬᠠᠮᠲᠤ ᠪᠠᠰᠠ ᠰᠢᠤᠳᠠᠨ ᠤ ᠰᠦᠯᠵᠢᠶᠡᠨ ᠳᠡᠭᠡᠷᠡᠬᠢ ᠰᠢᠨ᠎ᠡ ᠶᠢᠨ ᠪᠠᠷᠠᠭᠠᠨ ᠤ ᠪᠠᠶᠠᠷ ᠢ ᠣᠨᠴᠠᠭᠠᠶᠢᠯᠠᠨ ᠭᠠᠷᠭᠠᠵᠤ᠂ ᠪᠥᠬᠦ ᠤᠯᠤᠰ ᠤᠨ ᠬᠡᠷᠡᠭᠯᠡᠭᠴᠢᠳ ᠤᠨ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠵᠤ᠂ ᠠᠷᠠᠳ ᠣᠯᠠᠨ ᠳᠤ ᠳᠥᠭᠦᠮ ᠦᠢᠯᠡᠴᠢᠯᠡᠭᠡ ᠬᠠᠩᠭᠠᠪᠠ᠃      ᠲᠠᠨᠢᠯᠴᠠᠭᠤᠯᠤᠭᠰᠠᠨ ᠢᠶᠠᠷ᠂ ᠲᠣᠰ ᠬᠤᠭᠤᠴᠠᠭᠠᠨ ᠤ ᠰᠢᠨ᠎ᠡ ᠶᠢᠨ ᠪᠠᠷᠠᠭᠠᠨ ᠤ ᠪᠠᠶᠠᠷ ᠨᠢ ᠥᠪᠥᠷ ᠮᠣᠩᠭᠤᠯ ᠤᠨ 12 ᠠᠶᠢᠮᠠᠭ ᠬᠤᠲᠠ ᠶᠢᠨ 300 ᠭᠠᠷᠤᠶ ᠠᠵᠤ ᠠᠬᠤᠶᠢᠯᠠᠯ ᠤᠨ 3000 ᠭᠠᠷᠤᠶ ᠵᠦᠢᠯ ᠤᠨ ᠴᠢᠨᠠᠷ ᠰᠠᠶᠢᠲᠠᠶ ᠮᠠᠯ᠂ ᠲᠠᠷᠢᠶᠠᠯᠠᠩ ᠤᠨ ᠪᠦᠲᠦᠭᠡᠭᠳᠡᠬᠦᠨ ᠢ ᠪᠠᠭᠲᠠᠭᠠᠵᠤ᠂ ᠬᠤᠲᠠ ᠶᠢᠨ ᠠᠷᠠᠳ ᠲᠤ ᠳᠥᠭᠦᠮ ᠳᠥᠲᠡ᠂ ᠰᠠᠨᠠᠭ᠎ᠠ ᠠᠮᠤᠷ ᠬᠤᠳᠠᠯᠳᠤᠨ ᠠᠪᠬᠤ ᠲᠠᠪᠴᠠᠩ ᠢ ᠪᠠᠶᠢᠭᠤᠯᠵᠤ᠂ ᠨᠢᠭᠡ ᠯᠡ ᠥᠷᠲᠡᠭᠡᠨ ᠤ ᠬᠡᠯᠪᠡᠷᠢ ᠪᠠᠷ ᠥᠪᠥᠷ ᠮᠣᠩᠭᠤᠯ ᠤᠨ ᠥᠪᠡᠷᠮᠢᠴᠡ ᠰᠢᠨ᠎ᠡ ᠶᠢᠨ ᠪᠠᠷᠠᠭ᠎ᠠ ᠶᠢ ᠬᠤᠳᠠᠯᠳᠤᠨ ᠠᠪᠴᠤ ᠪᠣᠯᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ