ᠤᠮᠠᠷᠠᠲᠤ ᠬᠢᠯᠢ ᠶᠢᠨ ᠰᠣᠶᠣᠯ ᠢ ᠮᠠᠨᠳᠤᠭᠤᠯᠵᠤ ᠤᠷᠲᠤ ᠴᠠᠭᠠᠨ ᠬᠡᠷᠡᠮ ᠤᠨ ᠦᠯᠢᠭᠡᠷ ᠢ ᠰᠠᠶᠢᠲᠤᠷ ᠶᠠᠷᠢᠶ᠎ᠠ
ᠨᠡᠶᠢᠲᠡᠯᠡᠭᠰᠡᠨ ᠴᠠᠭ᠄
2025/1/14
011401.jpg
      1 ᠳ᠋ᠦ᠋ᠭᠡᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠶ᠂ ᠬᠥᠬᠡᠬᠤᠲᠠ ᠶᠢᠨ ᠣᠷᠳᠣ ᠴᠠᠭᠠᠨ ᠬᠡᠷᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠭᠡᠮᠯᠢᠭ᠂ ᠬᠥᠬᠡᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠬᠠᠮᠲᠤᠷᠠᠨ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠣᠷᠳᠣ ᠴᠠᠭᠠᠨ ᠬᠡᠷᠡᠮ ᠤᠨ ᠥᠯᠢᠭᠡᠷ ᠢ ᠰᠠᠶᠢᠲᠤᠷ ᠶᠠᠷᠢᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃      ᠮᠥᠽᠸᠢ ᠶᠢ ᠲᠣᠭᠤᠷᠢᠨ ᠦᠵᠡᠬᠦ ᠪᠠᠷ ᠳᠠᠮᠵᠢᠨ᠂ ᠰᠤᠷᠤᠭᠴᠢᠳ ᠤᠷᠳᠤ ᠴᠠᠭᠠᠨ ᠬᠡᠷᠡᠮ ᠤᠨ ᠰᠣᠶᠣᠯ ᠢ ᠭᠦᠨᠵᠡᠭᠡᠢ ᠣᠶᠢᠯᠠᠭᠠᠵᠤ᠂ ᠡᠭᠦᠨ ᠳᠤ ᠠᠭᠤᠯᠤᠭᠳᠠᠵᠤ ᠪᠠᠶᠢᠭ᠎ᠠ ᠪᠦᠯᠬᠦᠮᠳᠡᠯ ᠨᠢᠭᠡᠳᠦᠯ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ᠂ ᠰᠢᠨᠲᠠᠷᠠᠰᠢ ᠦᠭᠡᠢ ᠰᠥᠰᠥ ᠵᠣᠷᠢᠭ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠦᠨᠳᠦᠰᠦᠲᠡᠨ ᠤ ᠵᠣᠷᠢᠭ ᠰᠠᠨᠠᠭ᠎ᠠ᠂ ᠡᠩᠬᠡ ᠲᠠᠶᠢᠪᠤᠩ᠂ ᠨᠡᠭᠡᠭᠡᠯᠲᠡᠲᠦ ᠪᠠᠭᠲᠠᠭᠠᠮᠵᠢᠲᠠᠢ ᠴᠠᠭ ᠦᠶ᠎ᠡ ᠶᠢᠨ ᠵᠣᠷᠢᠭ ᠰᠠᠨᠠᠭ᠎ᠠ ᠵᠡᠷᠭᠡ ᠶᠢ ᠣᠶᠢᠯᠠᠭᠠᠨ ᠮᠡᠳᠡᠷᠡᠪᠡ᠃      ᠰᠤᠷᠪᠤᠯᠵᠢᠯᠠᠭᠴᠢ ᠶᠠᠩ ᠶᠦᠩ ᠭᠠᠩ ᠰᠡᠭᠦᠳᠡᠷᠯᠡᠪᠡ    
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ