ᠣᠶᠢᠷ᠎ᠠ ᠳᠤ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠪᠦᠭᠦ ᠤᠯᠤᠰ ᠤᠨ ᠬᠤᠶᠠᠳᠤᠭᠠᠷ ᠪᠦᠯᠦᠭ ᠤᠨ 23 ᠬᠠᠮᠲᠤ ᠪᠠᠷ | ᠣᠳᠣᠬᠢᠴᠢᠯᠠᠬᠤ ᠲᠤᠷᠰᠢᠯᠲᠠ ᠶᠢᠨ ᠭᠠᠵᠠᠷ ᠣᠷᠣᠨ ᠤ ᠨᠡᠷᠡᠰ ᠢ ᠨᠡᠶᠢᠲᠡᠯᠡᠵᠦ᠂ ᠭᠦᠭᠡᠬᠤᠳᠠ ᠶᠢᠨ ᠰᠠᠶᠢᠬᠠᠨ ᠲᠣᠭᠤᠷᠢᠭ ᠲᠤᠰ ᠨᠡᠷᠡᠰ ᠤᠨ ᠵᠢᠭᠰᠠᠭᠠᠯᠲᠠ ᠳᠤ | ᠲᠣᠳᠣᠷᠠᠵᠠᠢ᠃ | ᠣᠷᠴᠢᠮ ᠤᠨ ᠵᠢᠯ ᠳᠤ ᠭᠦᠭᠡᠬᠤᠳᠠ ᠶᠢᠨ ᠰᠠᠶᠢᠬᠠᠨ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ︽ᠣᠷᠣᠨ ᠤ ᠲᠥᠪ ᠤᠨ | ᠲᠡᠷᠢᠭᠦᠨ ᠤ ᠲᠣᠭᠤᠷᠢᠭ︾ ᠢ ᠪᠠᠶᠢᠭᠤᠯᠬᠤ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠢᠭᠢᠳᠬᠡᠬᠦ | ᠮᠠᠶ᠋ᠢᠭ ᠤᠨ ᠬᠥᠭᠵᠢᠯᠲᠡ ᠶᠢᠨ ᠪᠠᠶᠢᠷᠢᠰᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠬᠤ ᠶᠢ ᠬᠥᠲᠥᠯᠥᠨ ᠳᠠᠭᠠᠭᠤᠯᠵᠤ᠂ | ᠪᠦᠭᠦ ᠤᠯᠤᠰ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠶᠢᠨ ᠣᠳᠣᠬᠢᠴᠢᠯᠠᠯᠲᠠ ᠶᠢ ᠠᠬᠢᠭᠤᠯᠬᠤ ᠳᠤ ᠨᠡᠶᠢᠲᠡᠯᠢᠭ ᠦᠯᠢᠭᠡᠷ ᠵᠢᠱᠢᠶ᠎ᠡ ᠬᠠᠩᠭᠠᠪᠠ᠃ | ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠵᠣᠷᠢᠯᠲᠠ ᠪᠠ | ᠲᠤᠰᠤᠯᠲᠠ ᠪᠤᠯᠭᠠᠵᠤ᠂ ︽ᠦᠵᠡᠰᠬᠦᠯᠡᠩᠲᠦ ᠰᠠᠶᠢᠬᠠᠨ·ᠤᠮᠠᠷᠠᠲᠤ ᠬᠢᠯᠢ ᠶᠢ ᠥᠭᠦᠯᠡᠬᠦᠢ︾ᠣᠨᠣᠯ ᠤᠨ ᠤᠬᠠᠭᠤᠯᠤᠨ ᠲᠠᠶᠢᠯᠪᠤᠷᠢᠯᠠᠬᠤ ᠲᠦᠷᠦᠯ ᠲᠡᠮᠳᠡᠭ ᠢ | ᠡᠭᠦᠳᠴᠦ᠂ ︽ᠤᠮᠠᠷᠠᠲᠤ ᠬᠢᠯᠢ ᠶᠢᠨ ᠰᠣᠶᠣᠯ ᠤᠨ ᠶᠠᠷᠢᠶᠠᠨ ᠤ ᠲᠠᠩᠬᠢᠮ︾ ᠢ ᠡᠷᠭᠢᠯᠡᠵᠦ᠂ ︽ᠤᠮᠠᠷᠠᠲᠤ ᠬᠢᠯᠢ ᠲᠠᠢ ᠬᠠᠶᠢᠷ᠎ᠠ ᠰᠡᠳᠬᠢᠯ ᠢᠶᠠᠨ ᠬᠤᠯᠪᠣᠶ᠎ᠠ︾᠂ | ︽ᠤᠮᠠᠷᠠᠲᠤ ᠬᠢᠯᠢ ᠶᠢᠨ ᠰᠣᠶᠣᠯ·ᠰᠠᠶᠢᠬᠠᠨ ᠤ ᠤᠯᠠ ᠮᠥᠷ︾ ᠵᠡᠷᠭᠡ ᠡᠯ᠎ᠡ ᠲᠥᠷᠥᠯ ᠤᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠤᠮᠠᠷᠠᠲᠤ | ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠡᠢ᠃ | ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠤᠯᠭᠠᠵᠤ᠂ | ︽ᠭᠤᠣᠯ ᠲᠠᠯᠠᠪᠤᠷ ᠤᠨ ᠠᠵᠢᠯᠯᠠᠭ᠎ᠠ + 8 ᠲᠤᠰᠬᠠᠢ ᠬᠦᠷᠢᠶᠡᠨ ᠤ ᠠᠵᠢᠯᠯᠠᠭ᠎ᠠ + 11 ᠭᠤᠣᠯ ᠰᠡᠳᠦᠪᠲᠦ ᠠᠵᠢᠯᠯᠠᠭ᠎ᠠ︾ ᠶᠢᠨ ᠠᠷᠭ᠎ᠠ ᠭᠡᠯᠪᠡᠷᠢ ᠪᠠᠷ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠯᠪᠤᠭᠠᠯᠠᠨ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ 1000 ᠭᠠᠷᠤᠢ ᠲᠠᠯᠠᠪᠤᠷ ᠤᠳᠠᠭ᠎ᠠ ᠥᠷᠨᠢᠭᠦᠯᠪᠡ᠃ | | ︽ᠰᠠᠶᠢᠬᠠᠨ ᠤᠯᠠᠭᠠᠨ ᠠᠨᠠᠷ·ᠠᠭᠤᠰᠤᠯᠴᠠᠯ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠲᠦᠷᠦᠯ ᠲᠡᠮᠳᠡᠭ ᠢ ᠡᠭᠦᠳᠴᠦ᠂ | ᠬᠤᠲᠠ ᠶᠢᠨ ᠲᠣᠮᠣ ᠳᠡᠯᠭᠡᠴᠡ᠂ ᠤᠬᠠᠭᠤᠯᠭ᠎ᠠ ᠶᠢᠨ ᠪᠤᠯᠤᠩ ᠵᠡᠷᠭᠡ ᠶᠢ ᠭᠦᠢᠴᠡᠳ ᠠᠰᠢᠭᠯᠠᠵᠤ᠂ ᠤᠯᠡᠠ ᠠᠷᠭ᠎ᠠ ᠵᠡᠮ ᠢᠶᠠᠷ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠳᠤᠮᠳᠠ ᠴᠣᠯᠭᠤᠷᠠᠨ ᠭᠠᠷᠤᠭᠰᠠᠨ ᠵᠢᠱᠢᠶᠡᠴᠢ ᠨᠡᠶᠢᠲᠡᠯᠢᠭ ᠬᠥᠮᠥᠰ ᠢ ᠤᠬᠠᠭᠤᠯᠤᠨ ᠰᠤᠷᠲᠠᠯᠴᠢᠯᠠᠵᠤ᠂ ᠡᠯ᠎ᠡ ᠦᠨᠳᠦᠰᠦᠲᠡᠨ ᠤ | ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠡᠯᠪᠡᠭ | ᠪᠠᠶᠠᠯᠢᠭ ᠮᠦᠽᠧᠢ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠲᠤ ᠲᠦᠰᠢᠭᠯᠡᠨ ᠤᠮᠠᠷᠠᠲᠤ ᠬᠢᠯᠢ ᠶᠢᠨ ᠰᠠᠭᠤᠭᠳᠠᠯ ᠰᠣᠶᠣᠯ ᠤᠷᠠᠯᠢᠭ ᠤᠨ | ᠲᠥᠪ ᠢ ᠲᠥᠯᠥᠪᠵᠢᠭᠦᠯᠦᠨ ᠪᠠᠶᠢᠭᠤᠯᠪᠠ᠃ ᠲᠡᠦᠬᠡ ᠶᠢᠨ ᠳᠤᠷᠠᠰᠬᠠᠯᠲᠤ ᠵᠦᠢᠯ ᠤᠨ ᠤᠤᠭᠠᠨ ᠪᠠᠷᠢᠮᠲᠠᠲᠤ ᠺᠢᠨᠣ᠋ ︽ᠲᠡᠦᠬᠡ ᠶᠢᠨ ᠳᠤᠷᠠᠰᠬᠠᠯᠲᠤ ᠵᠦᠢᠯᠡᠰ ᠤᠨ | ᠳᠤᠮᠳᠠᠬᠢ ᠰᠠᠶᠢᠬᠠᠨ︾ ᠤ ᠳᠠᠷᠤᠮ ᠤᠨ ᠲᠤᠭ᠎ᠠ ᠨᠢ 100 ᠲᠦᠮᠡ ᠶᠢ ᠳᠠᠪᠠᠵᠠᠢ᠃ |