ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ︽ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠵᠠᠭᠤᠨ ᠬᠦᠴᠦᠷᠬᠡᠭ ︵2024︶︾ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2025/1/15
      ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠶᠦᠨ ᠯᠢ ᠵᠢᠶᠦ᠋ᠨ ᠱᠢ ᠱᠤᠤ ᠢᠦᠢ︶ ᠰᠢᠨ᠎ᠡ ᠵᠢᠯ ᠤᠨ ᠡᠬᠢᠨ ᠳᠤ᠂ ᠰᠠᠢ ᠳ᠋ᠢ ᠵᠥᠪᠯᠡᠭᠴᠢ ᠬᠤᠲᠠ ᠶᠢᠨ ᠠᠵᠤ ᠠᠬᠤᠢ ᠶᠢᠨ ᠰᠤᠳᠤᠯᠭᠠᠨ ᠤ ᠲᠥᠪ ︽ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠵᠠᠭᠤᠨ ᠬᠦᠴᠦᠷᠬᠡᠭ︾ ᠤᠨ ᠨᠡᠷᠡᠰ ᠢ ᠨᠡᠶᠢᠲᠡᠯᠡᠵᠦ᠂ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠢᠷᠠᠭᠤ ᠠᠯᠳᠠᠷ ᠲᠠᠢ ᠪᠠᠷ 38 ᠳ᠋ᠤᠭᠠᠷ ᠨᠡᠷᠡᠰ ᠲᠤ ᠵᠢᠭᠰᠠᠭᠠᠭᠳᠠᠵᠤ᠂ 2023 ᠣᠨ ᠤ ᠬᠢ ᠠᠴᠠ 6 ᠨᠡᠷᠡᠰ ᠳᠡᠭᠡᠭᠰᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠵᠠᠭᠤᠨ ᠬᠦᠴᠦᠷᠬᠡᠭ ᠲᠤ ᠤᠷᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠪᠣᠯᠵᠠᠢ᠃ ᠡᠨᠡ ᠪᠣᠯ ᠬᠥᠬᠡᠬᠤᠲᠠ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠤᠳᠠ ᠶᠢᠨ ᠰᠢᠨ᠎ᠡ ᠶᠢ ᠡᠭᠦᠳᠬᠦ ᠴᠢᠳᠠᠪᠤᠷᠢ ᠪᠣᠯᠤᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ ᠪᠠᠶᠢᠬᠤ ᠶᠢᠨ ᠴᠢᠬᠤᠯᠠ ᠢᠯᠡᠷᠡᠯ ᠪᠣᠯᠤᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠪᠣᠯ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠰᠢᠨ᠎ᠡ ᠶᠢ ᠡᠭᠦᠳᠬᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠴᠢᠬᠤᠯᠠ ᠠᠴᠢᠶᠠᠯᠠᠪᠤᠷᠢ ᠶᠢᠨ ᠣᠷᠣᠨ ᠪᠦᠰᠡ ᠪᠣᠯᠤᠨ᠎ᠠ᠃ 2018 ᠣᠨ ᠳᠤ᠂ ᠬᠥᠬᠡᠬᠤᠲᠠ ᠰᠢᠨ᠎ᠡ ᠬᠤᠲᠠ ᠲᠣᠭᠤᠷᠢᠭ ᠤᠨ ᠬᠤᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢᠨ ᠳᠡᠭᠡᠷ᠎ᠡ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠵᠤ᠂ 22.65 ᠲᠡᠭᠰᠢ ᠳᠥᠷᠪᠡᠯᠵᠢᠨ ᠺᠢᠯᠤᠮᠧᠲᠷ ᠲᠠᠯᠠᠪᠠᠢ ᠲᠠᠢ᠂ ᠲᠣᠭᠠᠴᠢᠯᠠᠭᠰᠠᠨ ᠠᠵᠤ ᠠᠬᠤᠢ᠂ ᠣᠶᠤᠨᠴᠢ ᠦᠢᠯᠡᠳᠭᠡᠯ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠭᠤᠣᠯᠯᠠᠬᠤ ᠠᠵᠤ ᠦᠢᠯᠡᠰ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠰᠢᠨ᠎ᠡ ᠶᠢ ᠡᠭᠦᠳᠬᠦ ᠴᠢᠳᠠᠪᠤᠷᠢᠲᠠᠨ ᠵᠡᠷᠭᠡ ᠰᠢᠨ᠎ᠡ ᠶᠢ ᠡᠭᠦᠳᠬᠦ ᠡᠬᠢ ᠪᠠᠶᠠᠯᠢᠭ ᠤᠨ ᠲᠥᠪᠯᠡᠷᠡᠭᠰᠡᠨ ᠥᠨᠳᠦᠷᠯᠢᠭ ᠪᠣᠯᠪᠠ᠃ ᠣᠯᠠᠨ ᠵᠢᠯ ᠤᠨ ᠲᠤᠷᠰᠢ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠨᠢ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠢᠶᠠᠷ ᠬᠦᠲᠦᠯᠦᠮᠵᠢ ᠪᠤᠯᠭᠠᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠨᠡᠭᠡᠭᠡᠯᠲᠡᠲᠦ ᠬᠠᠮᠲᠤᠷᠠᠯᠴᠠᠭ᠎ᠠ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠠᠵᠤ ᠦᠢᠯᠡᠰ ᠢᠶᠠᠷ ᠬᠤᠲᠠ ᠶᠢ ᠬᠥᠭᠵᠢᠭᠦᠯᠬᠦ᠂ ᠬᠤᠲᠠ ᠪᠠᠷ ᠠᠵᠤ ᠦᠢᠯᠡᠰ ᠢ ᠳᠠᠶᠢᠴᠢᠯᠠᠬᠤ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠵᠠᠮ ᠢᠶᠠᠷ ᠤᠷᠤᠭᠰᠢᠯᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠠᠩ ᠴᠤᠯᠭᠤᠢ ᠦᠢᠯᠡᠳᠪᠦᠷᠢᠯᠡᠯ ᠤᠨ ᠬᠡᠯᠪᠡᠷᠢ ᠠᠴᠠ ᠶᠡᠷᠦᠩᠬᠡᠶᠢᠯᠡᠭᠰᠡᠨ ᠬᠡᠯᠪᠡᠷᠢ ᠶᠢᠨ ᠬᠤᠲᠠ ᠶᠢᠨ ᠠᠵᠤ ᠠᠬᠤᠢ ᠲᠡᠶᠢᠰᠢ ᠬᠤᠪᠢᠷᠠᠭᠤᠯᠬᠤ ᠶᠢ ᠲᠦᠷᠭᠡᠳᠭᠡᠵᠦ᠂ ᠠᠵᠤ ᠦᠢᠯᠡᠰ ᠪᠠ ᠬᠤᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃ 2023 ᠣᠨ ᠳᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠡᠵᠡᠩᠨᠡᠯᠲᠡ ᠶᠢᠨ ᠣᠷᠣᠯᠭ᠎ᠠ ᠨᠢ 50.6 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 85% ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠪᠥᠬᠦ ᠥᠪᠡᠷᠲᠡᠭᠡᠨ ᠵᠠᠰᠠᠬᠤ ᠣᠷᠣᠨ ᠤ ᠬᠢ ᠠᠴᠠ 75 ᠵᠠᠭᠤᠨ ᠤ ᠨᠢᠭᠡᠴᠢ ᠥᠨᠳᠥᠷ ᠪᠣᠯᠪᠠ᠃    ᠣᠳᠣᠬᠠᠨ ᠪᠣᠯᠲᠠᠯ᠎ᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ 388 ᠠᠵᠤ ᠠᠬᠤᠶᠢᠯᠠᠯ ᠰᠠᠭᠤᠷᠢᠰᠢᠵᠤ᠂ ᠵᠢᠱᠢᠯᠲᠡ ᠪᠠᠷ ᠡᠵᠡᠩᠨᠡᠯᠲᠡ ᠶᠢᠨ ᠣᠷᠣᠯᠭ᠎ᠠ ᠶᠢ 92 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ ᠨᠢᠭᠡᠨᠲᠡ ᠴᠧᠨ ᠱᠢ ᠢ᠂ ᠼᠠᠢ ᠶᠢᠨ ᠱᠧᠩ᠂ ᠴᠢᠶᠣᠤ ᠯᠢ ᠬᠤᠩ᠂ ᠡᠸᠤ ᠶᠠᠩ ᠮᠢᠩ ᠭᠤᠤ᠂ ᠹᠧᠩ ᠯᠢ ᠮᠢᠩ ᠵᠡᠷᠭᠡ ᠨᠢᠭᠡ ᠪᠦᠯᠦᠭ ᠳᠡᠭᠡᠳᠦ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠲᠠᠲᠠᠨ ᠠᠪᠴᠢᠷᠠᠪᠠ᠃ ᠥᠪᠡᠷᠲᠡᠭᠡᠨ ᠵᠠᠰᠠᠬᠤ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠤᠶᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ 62 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠱᠠᠭᠠᠷᠳᠠᠯᠭ᠎ᠠ ᠠᠴᠠ ᠬᠤᠯᠠ ᠳᠠᠪᠠᠪᠠ ︵20 ᠡᠷᠦᠬᠡ︶᠃ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠦᠯᠦᠭᠡᠢ᠂ ᠬᠠᠮᠲᠤ ᠪᠠᠷ ᠦᠢᠯᠡᠰ ᠴᠣᠭᠴᠠᠯᠠᠬᠤ ᠣᠷᠣᠨ ᠵᠡᠷᠭᠡ ᠪᠡᠯᠡ ᠣᠷᠣᠭᠤᠯᠵᠤ ᠲᠣᠬᠢᠷᠠᠭᠤᠯᠬᠤ ᠪᠠᠶᠢᠭᠤᠯᠤᠮᠵᠢ ᠶᠢ ᠪᠦᠲᠦᠭᠡᠨ ᠪᠠᠶᠢᠭᠤᠯᠵᠤ ᠰᠠᠭᠤᠷᠢᠰᠢᠭᠤᠯᠪᠠ᠃ ᠰᠢᠨ᠎ᠡ ᠶᠢ ᠡᠭᠦᠳᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠨᠢ ᠲᠤᠰ ᠠᠶᠢᠮᠠᠭ ᠬᠤᠲᠠ ᠶᠢᠨ ᠨᠡᠮᠡᠭᠳᠡᠯ ᠤᠨ ᠬᠡᠮᠵᠢᠶ᠎ᠡ ᠠᠴᠠ 189.45 ᠵᠠᠭᠤᠨ ᠤ ᠨᠢᠭᠡᠴᠢ ᠥᠨᠳᠥᠷ ᠪᠣᠯᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ