︵ᠰᠤᠷᠪᠤᠯᠵᠢᠯᠠᠭᠴᠢ ᠰᠦᠩ ᠰᠢᠶᠠᠩ ᠬᠤᠸᠠ︶ 2024 ᠣᠨ ᠳᠤ᠂ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠨᠡᠶᠢᠲᠡ 237491. | 57 ᠲᠦᠮᠡᠨ ᠲᠥᠭᠦᠷᠢᠭ ᠤᠨ ᠨᠥᠬᠦᠪᠥᠷᠢ ᠮᠥᠩᠭᠦ ᠪᠠᠭᠤᠯᠭᠠᠪᠠ᠂ ᠡᠭᠦᠨ ᠳᠤ ᠲᠠᠷᠢᠶᠠᠴᠢᠳ ᠤᠨ ᠨᠥᠬᠦᠪᠥᠷᠢ ᠮᠥᠩᠭᠦ 224839.34 ᠲᠦᠮᠡᠨ ᠲᠥᠭᠦᠷᠢᠭ᠂ | 94.7% ᠶᠢ ᠡᠵᠡᠯᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠮᠥᠩᠭᠦ 12652.23 ᠲᠦᠮᠡᠨ ᠲᠥᠭᠦᠷᠢᠭ᠂ 5.3% ᠶᠢ | ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 455.8 ᠲᠦᠮᠡᠨ ᠬᠥᠮᠦᠨ | ᠤᠳᠠᠭ᠎ᠠ ᠬᠦᠷᠴᠡᠢ᠂ ᠡᠭᠦᠨ ᠳᠤ ᠬᠥᠳᠡᠭᠡ ᠲᠣᠰᠬᠤᠨ ᠤ ᠨᠥᠬᠦᠪᠥᠷᠢ ᠬᠦᠷᠲᠡᠭᠰᠡᠳ 438.64 ᠲᠦᠮᠡᠨ ᠬᠥᠮᠦᠨ ᠤᠳᠠᠭ᠎ᠠ ᠳᠤ ᠬᠦᠷᠴᠦ᠂ 96.24% ᠶᠢ | ᠡᠵᠡᠯᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠬᠦᠷᠲᠡᠭᠰᠡᠳ 17.16 ᠲᠦᠮᠡᠨ ᠬᠥᠮᠦᠨ ᠤᠳᠠᠭ᠎ᠠ ᠳᠤ ᠬᠦᠷᠴᠦ᠂ 3.76 % ᠶᠢ | ᠡᠵᠡᠯᠡᠪᠡ᠃ | 2024 ᠣᠨ ᠳᠤ᠂ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 8 ᠬᠦᠷᠢᠶᠡᠨ ᠤ 54 ᠲᠥᠷᠥᠯ 63 ᠵᠦᠢᠯ ᠤᠨ | ᠨᠦᠬᠦᠪᠦᠷᠢ ᠮᠦᠩᠬᠦ ᠪᠠᠭᠤᠯᠭᠠᠪᠠ᠃ ᠪᠠᠭᠤᠯᠭᠠᠭᠰᠠᠨ ᠡᠳ᠋ ᠤᠨ ᠵᠠᠰᠠᠭ ᠤᠨ ᠨᠥᠬᠦᠪᠥᠷᠢ ᠮᠥᠩᠭᠦ ᠳᠣᠲᠣᠷ᠎ᠠ᠂ ᠵᠣᠭᠤᠰ ᠤᠨ ᠲᠤᠭ᠎ᠠ ᠨᠢ ᠨᠡᠯᠢᠶᠡᠳ ᠶᠡᠭᠡ ᠨᠢ᠄ | ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠮᠠᠯ ᠠᠵᠤ ᠠᠬᠤᠶ ᠶᠢᠨ ᠲᠥᠷᠥᠯ᠂ ᠣᠶ ᠰᠢᠭᠤᠶ ᠶᠢᠨ ᠲᠥᠷᠥᠯ᠂ ᠴᠠᠯᠢᠩ ᠤᠨ ᠨᠥᠬᠦᠪᠥᠷᠢ ᠶᠢᠨ | ᠲᠥᠷᠥᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠠᠪᠤᠨ ᠶᠡᠭᠡ ᠲᠥᠷᠥᠯ ᠤᠨ ᠨᠥᠬᠦᠪᠥᠷᠢ ᠶᠢᠨ ᠪᠠᠯᠠ ᠮᠥᠩᠭᠦ | ᠲᠣᠰ ᠲᠣᠰ 52.63%᠂ 30%᠂ 8.25%᠂ 5.18%᠂ 2.03% ᠶᠢ ᠡᠵᠡᠯᠡᠪᠡ᠃ |