| | | 1 ᠳ᠋ᠦ᠋ᠭᠡᠷ ᠰᠠᠷ᠎ᠠ ᠶᠢᠨ 14 ᠤ ᠡᠳᠦᠷ᠂ 40 ᠡᠳᠦᠷ ᠤᠨ ᠬᠤᠭᠤᠴᠠᠭ᠎ᠠ ᠲᠠᠢ ᠴᠠᠭᠠᠨ ᠰᠠᠷ᠎ᠠ ᠶᠢᠨ ᠠᠶᠠᠨᠴᠢᠳ ᠤᠨ | ᠵᠥᠭᠡᠭᠡᠪᠦᠷᠢ ᠡᠬᠢᠯᠡᠯ᠎ᠡ᠃ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠳᠥᠭᠦᠮ ᠳᠥᠲᠡ ᠪᠦᠭᠡᠳ ᠬᠠᠯᠠᠭᠤᠨ | ᠳᠤᠯᠠᠭᠠᠨ᠂ ᠵᠠᠮ ᠬᠠᠷᠢᠯᠴᠠᠭ᠎ᠠ ᠪᠠᠷᠠᠭᠠᠨ ᠭᠦᠢᠯᠭᠡᠭᠡ ᠶᠢᠨ ᠠᠮᠤᠷ ᠲᠦᠪᠰᠢᠨ ᠰᠠᠭᠠᠳ ᠥᠬᠡᠶ ᠪᠥᠭᠡᠳ ᠡᠮᠬᠢ ᠵᠢᠷᠤᠮ ᠲᠠᠢ | ᠪᠠᠶᠢᠬᠤ ᠶᠢ ᠪᠠᠲᠤᠯᠠᠬᠤ ᠶᠢᠨ ᠲᠤᠰᠠᠳᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠬᠥᠳᠡᠯᠦᠩᠭᠦᠶ ᠪᠠᠷ ᠰᠤᠳᠤᠯᠤᠨ ᠮᠠᠭᠠᠳᠯᠠᠬᠤ ᠪᠠ ᠠᠵᠢᠯᠯᠠᠭᠠᠨ ᠤ ᠬᠢᠨᠠᠨ ᠬᠡᠮᠵᠢᠬᠦ ᠪᠠᠨ ᠴᠢᠩᠭᠠᠳᠬᠠᠵᠤ᠂ | ᠴᠠᠭᠠᠨ ᠰᠠᠷ᠎ᠠ ᠶᠢᠨ ᠵᠥᠭᠡᠭᠡᠪᠦᠷᠢ ᠶᠢᠨ ᠦᠢᠯᠡᠴᠢᠯᠡᠭᠡᠨ ᠤ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ ᠵᠢᠷᠤᠭ ᠪᠣᠯ ᠬᠥᠬᠡᠬᠤᠲᠠ ᠶᠢᠨ ᠲᠡᠮᠦᠷ ᠵᠠᠮ ᠤᠨ ᠴᠠᠭᠳᠠᠭᠠᠨ ᠤ ᠬᠢᠨ | ᠭᠠᠯᠲᠤ ᠲᠡᠷᠭᠡᠨ ᠳᠡᠭᠡᠷ᠎ᠡ ᠠᠶᠠᠨᠴᠢᠳ ᠲᠤ ᠬᠤᠣᠰ ᠤᠶᠠᠩᠭ᠎ᠠ ᠥᠯᠵᠡᠢ ᠦᠰᠦᠭ ᠲᠠᠷᠬᠠᠭᠠᠵᠤ᠂ ᠴᠠᠭᠠᠨ ᠰᠠᠷ᠎ᠠ ᠶᠢᠨ | ᠵᠥᠭᠡᠭᠡᠪᠦᠷᠢ ᠶᠢᠨ ᠠᠮᠤᠷ ᠲᠦᠪᠰᠢᠨ ᠤ ᠭᠤᠣᠯ ᠰᠡᠳᠦᠪᠲᠦ ᠤᠬᠠᠭᠤᠯᠭ᠎ᠠ ᠬᠢᠵᠦ ᠪᠠᠶᠢᠨ᠎ᠠ᠃ | ᠰᠤᠷᠪᠤᠯᠵᠢᠯᠠᠭᠴᠢ ᠢᠤᠢ ᠶᠠ ᠵᠢᠶᠦᠨ ᠠᠨ ᠨᠠ ᠰᠡᠭᠦᠲᠡᠷᠯᠡᠪᠡ | | |