︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 14 ᠤ ᠴᠠᠭᠢᠯᠭᠠᠨ ᠮᠡᠳᠡᠭᠡ︶ 1 ᠰᠠᠷ᠎ᠠ ᠶᠢᠨ 14 ᠤ ᠡᠳᠦᠷ᠂ ᠤᠯᠤᠰ ᠤᠨ ᠲᠡᠷᠢᠭᠦᠯᠡᠭᠴᠢ ᠰᠢ | ᠶᠢᠨ ᠫᠢᠩ ᠤᠤ ᠆ ᠧᠨ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠯᠧᠪᠠᠨᠣᠨ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ | ᠭᠠᠷᠤᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠯᠧᠪᠠᠨᠣᠨ ᠤᠯᠠᠮᠵᠢᠯᠠᠯᠲᠤ ᠨᠥᠬᠦᠷᠯᠡᠯ ᠲᠠᠢ ᠶᠤᠮ᠃ ᠣᠶᠢᠷ᠎ᠠ ᠶᠢᠨ ᠵᠢᠯ ᠠᠴᠠ᠂ ᠬᠤᠶᠠᠷ ᠤᠯᠤᠰ ᠤᠨ ᠬᠠᠷᠢᠯᠴᠠᠭ᠎ᠠ | ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠤᠯᠤᠰ ᠲᠦᠷᠦ ᠶᠢᠨ ᠢᠲᠡᠭᠡᠯᠴᠡᠭᠡ ᠨᠡᠮᠡᠭᠳᠡᠵᠦ᠂ ᠠᠷᠠᠳ ᠲᠦᠮᠡᠨ ᠤ ᠨᠥᠬᠦᠷᠯᠡᠯ ᠭᠦᠨᠵᠡᠭᠡᠶᠢᠷᠡᠪᠡ᠃ | ᠪᠢ ᠳᠤᠮᠳᠠᠳᠤ ᠯᠧᠪᠠᠨᠣᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ | ᠴᠢᠷᠮᠠᠶᠢᠵᠤ ᠳᠤᠮᠳᠠᠳᠤ ᠯᠧᠪᠠᠨᠣᠨ ᠤ ᠨᠥᠭᠦᠷᠰᠡᠭ ᠬᠠᠷᠢᠯᠴᠠᠭ᠎ᠠ ᠶᠢᠨ ᠬᠥᠭᠵᠢᠯᠲᠡ ᠪᠣᠯᠣᠨ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ | ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠲᠤᠷ ᠪᠤᠶᠠᠨ ᠦᠢᠯᠡᠳᠦᠨ᠎ᠡ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ | ᠯᠧᠪᠠᠨᠣᠨ ᠤ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠶᠢ ᠡᠷᠡᠰ ᠳᠡᠮᠵᠢᠵᠦ᠂ ᠯᠧᠪᠠᠨᠣᠨ ᠤ ᠠᠵᠤ | ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠭᠡᠵᠦ | ᠵᠢᠭᠠᠵᠤ ᠭᠠᠷᠭᠠᠪᠠ᠃ | |