ᠬᠥᠬᠡᠬᠤᠲᠠ ᠶᠢᠨ 2024 ᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ
ᠨᠡᠶᠢᠲᠡᠯᠡᠭᠰᠡᠨ ᠴᠠᠭ᠄
2025/1/15
      2024 ᠣᠨ ᠤ 1 —12 ᠳ᠋ᠤᠭᠠᠷ ᠰᠠᠷ᠎ᠠ ᠪᠣᠯᠲᠠᠯ᠎ᠠ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 254.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠪᠠᠷᠢᠮᠵᠢᠶ᠎ᠠ ᠠᠴᠠ 7.8 % ᠪᠠᠷ ᠨᠡᠮᠡᠭᠳᠡᠪᠡ᠃      ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠡᠶᠢᠲᠡ 584.66 ᠳ᠋ᠦᠩᠰᠢᠭᠤᠷ ᠲᠥᠭᠦᠷᠢᠭ ᠬᠦᠷᠴᠦ᠂ 1.4% ᠪᠠᠷ ᠪᠠᠭᠤᠷᠠᠪᠠ᠃ ᠡᠭᠦᠨ ᠳᠤ᠂ ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 49.68 ᠳ᠋ᠦᠩᠰᠢᠭᠤᠷ ᠲᠥᠭᠦᠷᠢᠭ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 22.37 ᠳ᠋ᠦᠩᠰᠢᠭᠤᠷ ᠲᠥᠭᠦᠷᠢᠭ᠂ ᠰᠤᠷᠭᠠᠨ ᠬᠥᠮᠦᠵᠢᠯ ᠤᠨ ᠵᠠᠷᠤᠯᠭ᠎ᠠ 64.41 ᠳ᠋ᠦᠩᠰᠢᠭᠤᠷ ᠲᠥᠭᠦᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 10.18 ᠳ᠋ᠦᠩᠰᠢᠭᠤᠷ ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 18.04 ᠳ᠋ᠦᠩᠰᠢᠭᠤᠷ ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 82.34 ᠳ᠋ᠦᠩᠰᠢᠭᠤᠷ ᠲᠥᠭᠦᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 39.79 ᠳ᠋ᠦᠩᠰᠢᠭᠤᠷ ᠲᠥᠭᠦᠷᠢᠭ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠠᠷᠤᠯᠭ᠎ᠠ 12.94 ᠳ᠋ᠦᠩᠰᠢᠭᠤᠷ ᠲᠥᠭᠦᠷᠢᠭ᠂ ᠬᠤᠲᠠ ᠬᠥᠳᠡᠭᠡ   ᠨᠡᠶᠢᠭᠡᠮ ᠲᠣᠭᠤᠷᠢᠭ ᠤᠨ ᠵᠠᠷᠤᠯᠭ᠎ᠠ 113.81 ᠳ᠋ᠦᠩᠰᠢᠭᠤᠷ ᠲᠥᠭᠦᠷᠢᠭ᠂ ᠲᠠᠷᠢᠶᠠᠯᠠᠩ ᠣᠶ ᠰᠢᠭᠤᠶ ᠤᠰᠤᠨ ᠠᠰᠢᠭᠯᠠᠯᠲᠠ ᠶᠢᠨ ᠵᠠᠷᠤᠯᠭ᠎ᠠ 57.93 ᠳ᠋ᠦᠩᠰᠢᠭᠤᠷ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 34.02 ᠳ᠋ᠦᠩᠰᠢᠭᠤᠷ ᠲᠥᠭᠦᠷᠢᠭ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ ᠮᠡᠳᠡᠭᠡ ᠵᠠᠩᠭᠢ ᠵᠡᠷᠭᠡ ᠶᠢᠨ ᠵᠠᠷᠤᠯᠭ᠎ᠠ 15.69 ᠳ᠋ᠦᠩᠰᠢᠭᠤᠷ ᠲᠥᠭᠦᠷᠢᠭ᠂ ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 4.3 ᠳ᠋ᠦᠩᠰᠢᠭᠤᠷ ᠲᠥᠭᠦᠷᠢᠭ᠂ ᠪᠠᠶᠢᠭᠠᠯᠢ ᠶᠢᠨ ᠡᠬᠢ ᠪᠠᠶᠠᠯᠢᠭ ᠳᠠᠯᠠᠢ ᠲᠠᠩᠭᠢᠰ ᠤᠨ ᠴᠠᠭ ᠠᠭᠤᠷ ᠵᠡᠷᠭᠡ ᠶᠢᠨ ᠵᠠᠷᠤᠯᠭ᠎ᠠ 4.09 ᠳ᠋ᠦᠩᠰᠢᠭᠤᠷ ᠲᠥᠭᠦᠷᠢᠭ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 13.78 ᠳ᠋ᠦᠩᠰᠢᠭᠤᠷ ᠲᠥᠭᠦᠷᠢᠭ᠂ ᠭᠠᠮᠰᠢᠭ ᠢ ᠰᠡᠷᠭᠡᠶᠢᠯᠡᠨ ᠵᠠᠰᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠷᠤᠯᠭ᠎ᠠ 3.21 ᠳ᠋ᠦᠩᠰᠢᠭᠤᠷ ᠲᠥᠭᠦᠷᠢᠭ᠂ ᠥᠷᠢ ᠥᠭᠴᠡᠭᠡ ᠶᠢᠨ ᠬᠦᠦ ᠮᠦᠩᠭᠦ ᠶᠢ ᠲᠦᠯᠦᠬᠦ ᠵᠠᠷᠤᠯᠭ᠎ᠠ 27.97 ᠳ᠋ᠦᠩᠰᠢᠭᠤᠷ ᠲᠥᠭᠦᠷᠢᠭ᠂ ᠪᠤᠰᠤᠳ ᠲᠥᠷᠥᠯ ᠤᠨ ᠵᠠᠷᠤᠯᠭ᠎ᠠ 10.11 ᠳ᠋ᠦᠩᠰᠢᠭᠤᠷ ᠲᠥᠭᠦᠷᠢᠭ ᠵᠡᠷᠭᠡ ᠪᠠᠭᠲᠠᠨ᠎ᠠ᠃      ᠪᠦᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠨᠡᠶᠢᠲᠡ 112.52 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 145.35 ᠳ᠋ᠦᠩᠰᠢᠭᠤᠷ ᠲᠥᠭᠦᠷᠢᠭ ᠲᠤ ᠬᠦᠷᠪᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ