ᠪᠣᠣ ᠭᠠᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠬᠤ ᠳᠠᠭᠠᠨ ᠴᠢᠬᠤᠯᠠᠴᠢᠯᠠᠭᠰᠠᠨ ᠨᠢ  ᠰᠢᠷᠭᠠᠭᠤ ᠠᠵᠢᠯᠯᠠᠬᠤ ᠶᠢ ᠲᠡᠷᠢᠭᠦᠨ ᠳᠤ ᠲᠠᠯᠪᠢᠨ ᠴᠢᠬᠤᠯᠠ ᠡᠭᠦᠷᠭᠡ ᠶᠢ ᠡᠭᠦᠷᠭᠡᠯᠡᠵᠦ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠨᠡᠩ ᠤᠯᠠᠨ ᠣᠷᠣᠨ ᠤ ᠲᠥᠪ ᠬᠤᠲᠠ ᠶᠢᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/1/16
      ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃      ᠪᠣᠣ ᠭᠠᠩ ᠬᠡᠯᠡᠬᠦ ᠳᠡᠭᠡᠨ᠂ ᠲᠡᠷᠢᠭᠦᠯᠡᠭᠴᠢ ᠸᠠᠩ ᠯᠢ ᠰᠢᠶᠠ ᠶᠢᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠵᠢᠯᠲᠠ ᠪᠦᠲᠦᠮᠵᠢ ᠪᠠᠨ ᠳ᠋ᠦᠩᠨᠡᠭᠰᠡᠨ ᠨᠢ ᠪᠤᠰᠤᠳᠴᠢ ᠪᠥᠭᠡᠳ ᠪᠣᠳᠠᠲᠠᠢ ᠶᠢ ᠡᠷᠬᠢᠮᠯᠡᠵᠦ᠂ ᠠᠵᠢᠯ ᠢᠶᠠᠨ ᠪᠠᠶᠢᠷᠢᠯᠠᠭᠤᠯᠤᠭᠰᠠᠨ ᠨᠢ ᠪᠣᠳᠠᠲᠠᠢ ᠪᠥᠭᠡᠳ ᠲᠣᠳᠣᠷᠬᠠᠢ ᠪᠠᠶᠢᠵᠤ᠂ ᠦᠨᠡᠨ ᠠᠴᠠ ᠵᠥᠪ ᠢ  ᠡᠷᠢᠵᠦ᠂ ᠪᠤᠲᠠᠲᠠᠶᠢᠵᠢᠭᠤᠯᠬᠤ ᠪᠠᠷ ᠭᠤᠣᠯᠳᠠᠯᠭ᠎ᠠ ᠪᠤᠯᠭᠠᠭᠰᠠᠨ ᠰᠠᠶᠢᠨ ᠢᠯᠡᠳᠬᠡᠯ ᠪᠣᠯᠣᠨ᠎ᠠ᠃ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠢᠶᠠᠷ ᠢᠶᠠᠨ ᠬᠠᠷᠠᠯᠲᠠ ᠨᠡᠩ ᠲᠣᠳᠣᠷᠬᠠᠢ᠂ ᠠᠵᠢᠯ ᠤᠨ ᠭᠤᠣᠯ ᠰᠢᠵᠢᠮ ᠳᠤ ᠨᠡᠩ ᠲᠥᠪᠯᠡᠷᠡᠵᠦ᠂ ᠬᠥᠭᠵᠢᠯᠲᠡ ᠶᠢᠨ ᠬᠠᠨᠳᠤᠰᠢ ᠨᠡᠩ ᠡᠷᠴᠢᠮᠲᠡᠢ᠂ ᠵᠠᠬ᠎ᠠ ᠳᠡᠯᠭᠡᠭᠦᠷ ᠤᠨ ᠤᠬᠠᠮᠰᠠᠷ ᠨᠡᠩ ᠭᠦᠨ ᠵᠤᠵᠠᠭᠠᠨ᠂ ᠰᠣᠶᠣᠯ ᠤᠨ ᠲᠦᠷᠦᠯ ᠲᠡᠮᠳᠡᠭ ᠨᠡᠩ ᠬᠠᠩᠭᠢᠨᠠᠮ᠎ᠠ᠂ ᠺᠠᠳ᠋ᠷ ᠤᠨ ᠴᠤᠭ ᠰᠦᠯᠳᠡ ᠨᠡᠩ ᠪᠠᠳᠠᠷᠠᠨ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠥᠭᠵᠢᠯᠲᠡ ᠶᠢᠨ ᠦᠷ᠎ᠡ ᠪᠦᠲᠦᠮᠵᠢ ᠨᠢ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ᠂ ᠮᠣᠩᠭᠤᠯ ᠮᠣᠷᠢᠨ ᠤ ᠰᠦᠷ ᠬᠦᠴᠦᠨ ᠢ ᠪᠠᠳᠠᠷᠠᠭᠤᠯᠵᠤ᠂ ᠥᠪᠥᠷ ᠮᠣᠩᠭᠤᠯ ᠤᠨ ᠢᠲᠡᠭᠡᠯ ᠢ ᠪᠠᠳᠠᠷᠠᠭᠤᠯᠪᠠ ᠭᠡᠵᠡᠢ᠃      ᠪᠣᠣ ᠭᠠᠩ ᠬᠡᠯᠡᠬᠦ ᠳᠡᠭᠡᠨ᠂ ᠰᠦᠨ ᠱᠤᠤ ᠴᠧᠩ ᠱᠦᠵᠢ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠮᠠᠨ ᠤ ᠬᠤᠳᠠ ᠶᠢᠨ ᠡᠯ᠎ᠡ ᠵᠦᠢᠯ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠣᠷᠣᠨ ᠤ ᠲᠥᠪ ᠬᠤᠲᠠ ᠶᠢ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠵᠣᠷᠢᠭᠲᠠᠢ ᠪᠠᠷ ᠴᠢᠬᠤᠯᠠ ᠡᠭᠦᠷᠭᠡ ᠡᠭᠦᠷᠭᠡᠯᠡᠵᠦ᠂ ᠢᠯᠡᠭᠦᠬᠡᠨ ᠬᠤᠪᠢ ᠨᠡᠮᠡᠷᠢ ᠦᠵᠡᠭᠦᠯᠵᠦ᠂ ᠪᠦᠬᠦ ᠬᠤᠳᠠ ᠶᠢᠨ ᠠᠵᠢᠯ ᠬᠢᠵᠦ ᠦᠢᠯᠡᠰ ᠪᠤᠰᠬᠠᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠭᠵᠢᠭᠡᠵᠦ᠂ ᠡᠷᠡᠮᠡᠬᠡᠶᠢᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠬᠦ ᠶᠢ ᠵᠤᠷᠢᠭᠵᠢᠭᠤᠯᠪᠠ᠃ ᠣᠷᠣᠨ ᠤ ᠲᠥᠪ ᠬᠤᠲᠠ ᠰᠦᠨ ᠱᠤᠤ ᠴᠧᠩ ᠱᠦᠵᠢ ᠶᠢᠨ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠣᠷᠣᠨ ᠤ ᠲᠥᠪ ᠬᠤᠲᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠷᠭᠠᠭᠤ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠨᠡᠩ ᠤᠯᠠᠨ ᠤᠷᠤᠨ ᠤ ᠲᠥᠪ ᠬᠤᠲᠠ ᠶᠢᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ